11 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠡᠭᠡᠵᠢᠩ ᠳᠤ | ᠬᠤᠷᠠᠯᠳᠤᠵᠤ᠂ ᠬᠤᠷᠠᠯ ᠠᠴᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ | ᠪᠠ ᠲᠡᠦᠬᠡ ᠶᠢᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠢᠢᠳᠪᠦᠷᠢ︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃ ᠡᠵᠡᠨ ᠬᠤᠷᠤᠭ᠎ᠠ ᠬᠤᠰᠢᠭᠤᠨ ᠤ ᠥᠷᠭᠡᠨ ᠣᠯᠠᠨ ᠺᠠᠳ᠋ᠷ | ᠣᠯᠠᠨ ᠲᠦᠮᠡᠨ ᠳᠡᠭᠡᠳᠦ ᠬᠡᠮᠵᠢᠶ᠎ᠡ ᠪᠠᠷ ᠠᠩᠬᠠᠷᠴᠤ᠂ ᠴᠢᠩᠭ᠎ᠠ ᠲᠤᠰᠬᠠᠯ ᠭᠠᠷᠭᠠᠵᠤ᠂ ᠣᠯᠠᠨ ᠢᠶᠠᠷ ᠢᠶᠠᠨ ᠰᠢ ᠶᠢᠨ | ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠳᠠᠭᠰᠠᠨ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠴᠣᠭᠴᠠᠯᠠᠵᠤ᠂ ᠰᠢᠷᠭᠠᠭᠤ | ᠬᠠᠲᠠᠭᠤᠵᠢᠯᠲᠠᠶ ᠠᠵᠢᠯᠯᠠᠵᠤ᠂ ᠵᠣᠷᠢᠭᠲᠠᠶ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ ᠭᠡᠵᠦ ᠰᠠᠨᠠᠯ ᠨᠢᠭᠡᠲᠡᠶ | ᠢᠯᠡᠳᠬᠡᠵᠡᠭᠡᠪᠡ᠃ | | | | ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠸᠠᠩ ᠸᠠᠨ ᠾᠧ᠄ | ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠤᠭᠲᠤᠬᠤ ᠲᠤᠩᠬᠠᠭ ᠪᠢᠴᠢᠭ ᠪᠠ ᠵᠦᠭᠯᠡᠭᠦᠷ ᠮᠥᠨ᠃ ᠮᠠᠨ ᠤ ᠡᠪ ᠬᠠᠮᠲᠤᠴᠤᠳ ᠠᠷᠠᠳ | ᠲᠦᠮᠡᠨ ᠳᠤ ᠦᠢᠯᠡᠴᠢᠯᠡᠬᠦ ᠶᠠᠪᠤᠳᠠᠯ ᠳᠠᠭᠤᠰᠤᠰᠢ ᠦᠭᠡᠢ ᠶᠤᠮ᠂ ᠪᠢᠳᠡ ᠬᠤᠪᠢᠰᠬᠠᠯ ᠤᠨ ᠠᠮᠢᠨ ᠰᠤᠳᠠᠰᠤ ᠶᠢ | ᠵᠠᠯᠭᠠᠮᠵᠢᠯᠠᠵᠤ᠂ ᠨᠠᠮ ᠤᠨ ᠠᠭᠤᠤ ᠶᠡᠭᠡ ᠬᠤᠪᠢᠰᠬᠠᠯᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠢᠮᠠᠭᠲᠠ | ᠨᠠᠮ ᠤᠨ ᠤᠷᠢᠶᠠᠯᠠᠭ᠎ᠠ ᠶᠢ ᠳᠠᠭᠠᠵᠤ᠂ ᠠᠷᠠᠳ ᠲᠦᠮᠡᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ | ᠬᠡᠷᠡᠭᠲᠡᠢ︾ ᠬᠡᠪᠡ᠃ | | | | | | | | | | | |