ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ | ᠮᠡᠳᠡᠭᠡ ᠡᠵᠡᠨ ᠬᠤᠷᠤᠭ᠎ᠠ ᠬᠤᠰᠢᠭᠤᠨ ᠤ ᠺᠠᠳ᠋ᠷ ᠣᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠪᠠ | 11 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠡᠭᠡᠵᠢᠩ ᠳᠤ | ᠬᠤᠷᠠᠯᠳᠤᠵᠤ᠂ ᠬᠤᠷᠠᠯ ᠠᠴᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ | ᠪᠠ ᠲᠡᠦᠬᠡ ᠶᠢᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠢᠢᠳᠪᠦᠷᠢ︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃ ᠡᠵᠡᠨ ᠬᠤᠷᠤᠭ᠎ᠠ ᠬᠤᠰᠢᠭᠤᠨ ᠤ ᠥᠷᠭᠡᠨ ᠣᠯᠠᠨ ᠺᠠᠳ᠋ᠷ | ᠣᠯᠠᠨ ᠲᠦᠮᠡᠨ ᠳᠡᠭᠡᠳᠦ ᠬᠡᠮᠵᠢᠶ᠎ᠡ ᠪᠠᠷ ᠠᠩᠬᠠᠷᠴᠤ᠂ ᠴᠢᠩᠭ᠎ᠠ ᠲᠤᠰᠬᠠᠯ ᠭᠠᠷᠭᠠᠵᠤ᠂ ᠣᠯᠠᠨ ᠢᠶᠠᠷ ᠢᠶᠠᠨ ᠰᠢ ᠶᠢᠨ | ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠳᠠᠭᠰᠠᠨ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠴᠣᠭᠴᠠᠯᠠᠵᠤ᠂ ᠰᠢᠷᠭᠠᠭᠤ | ᠬᠠᠲᠠᠭᠤᠵᠢᠯᠲᠠᠶ ᠠᠵᠢᠯᠯᠠᠵᠤ᠂ ᠵᠣᠷᠢᠭᠲᠠᠶ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ ᠭᠡᠵᠦ ᠰᠠᠨᠠᠯ ᠨᠢᠭᠡᠲᠡᠶ | ᠢᠯᠡᠳᠬᠡᠵᠡᠭᠡᠪᠡ᠃ | | | | ᠰᠤᠪᠤᠷᠭ᠎ᠠ ᠪᠠᠯᠭᠠᠰᠤᠨ ᠤ ᠺᠠᠳ᠋ᠷ ᠪᠦᠦ ᠨᠠ᠄ | ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ | ᠬᠤᠷᠠᠯ ᠠᠴᠠ ᠪᠦᠬᠦ ᠨᠠᠮ ᠳᠤ ᠠᠭᠤᠤ ᠶᠡᠭᠡ ᠨᠠᠮ ᠪᠠᠶᠢᠭᠤᠯᠤᠭᠳᠠᠭᠰᠠᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠥᠴᠥᠭᠡᠳᠦᠷ ᠤᠨ ᠬᠦᠴᠢᠷ ᠪᠡᠷᠬᠡᠰᠢᠶᠡᠯ ᠭᠡᠷᠡᠯ ᠰᠠᠴᠤᠷᠠᠩᠭᠤᠢ ᠲᠡᠦᠬᠡ ᠶᠢ ᠦᠯᠦ ᠮᠠᠷᠲᠠᠨ᠂ ᠥᠨᠥᠳᠦᠷ ᠤᠨ ᠡᠭᠦᠷᠭᠡ | ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠵᠡᠭᠦᠳᠦ ᠪᠠᠨ ᠦᠯᠦ | ᠬᠥᠰᠡᠷᠳᠡᠭᠦᠯᠬᠦ ᠶᠢ ᠤᠷᠢᠶᠠᠯᠠᠪᠠ᠃ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠪᠢ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠳᠠᠭᠰᠠᠨ ᠵᠣᠷᠢᠭ ᠰᠠᠨᠠᠭ᠎ᠠ ᠶᠢ | ᠦᠢᠯᠡᠳᠦᠯᠭᠡᠵᠢᠭᠦᠯᠵᠦ᠂ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠪᠤᠷᠭ᠎ᠠ ᠶᠢᠨ ᠡᠬᠡ ᠭᠠᠵᠠᠷ ᠲᠤ | ᠨᠠᠶᠢᠳᠠᠪᠤᠷᠢᠵᠢᠭᠤᠯᠵᠤ᠂ ᠠᠷᠠᠳ ᠤᠯᠠᠨ ᠤ ᠪᠤᠶᠠᠨ ᠵᠢᠷᠭᠠᠯ ᠢ ᠦᠨᠳᠦᠰᠦᠨ ᠱᠠᠲᠤᠨ ᠳᠤ ᠳᠡᠯᠭᠡᠷᠡᠭᠦᠯᠵᠦ᠂ ᠠᠷᠠᠳ | ᠤᠯᠠᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠦᠨ᠎ᠡ︾ ᠬᠡᠪᠡ᠃ | | | |