| | | ᠨᠠᠮᠰᠠᠷᠠᠢ᠄ ᠡᠮᠴᠢ ᠬᠦᠮᠦᠨ ᠤ ᠦᠷᠦᠰᠢᠶᠠᠩᠭᠦᠢ ᠰᠡᠳᠬᠢᠯ ᠢᠶᠠᠷ ᠡᠪᠡᠳᠴᠢᠳᠠᠨ ᠳᠤ ᠦᠢᠯᠡᠴᠢᠯᠡᠨ᠎ᠠ | ᠡᠵᠡᠨ ᠬᠤᠷᠤᠭ᠎ᠠ ᠬᠤᠰᠢᠭᠤᠨ ᠤ ᠮᠣᠩᠭᠤᠯ ᠬᠢᠳᠠᠳ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠳᠠᠷᠤᠭ᠎ᠠ | ᠨᠠᠮᠰᠠᠷᠠᠢ ᠪᠣᠯ ᠮᠣᠩᠭᠤᠯ ᠡᠮᠨᠡᠯᠬᠡ ᠶᠢᠨ ᠡᠮᠴᠢ᠂ ᠮᠥᠨ ᠴᠦ ᠮᠠᠯᠴᠢᠨ ᠲᠠᠷᠢᠶᠠᠴᠢᠨ ᠤ ᠬᠠᠮᠤᠭ ᠤᠨ ᠢᠲᠡᠭᠡᠯᠲᠡᠢ ᠰᠠᠶᠢᠨ | ︽ᠠᠨᠳᠠ︾ ᠨᠢ ᠪᠣᠯᠬᠤ ᠶᠤᠮ᠃ | 2005 ᠣᠨ ᠳᠤ ᠨᠠᠮᠰᠠᠷᠠᠢ 20 ᠵᠢᠯ ᠠᠵᠢᠯᠯᠠᠭᠰᠠᠨ ᠨᠠᠷᠢᠨᠰᠢᠯᠢ ᠡᠷᠡᠭᠦᠯ ᠬᠠᠮᠠᠭᠠᠯᠠᠯ ᠤᠨ ᠬᠤᠷᠢᠶ᠎ᠡ ᠠᠴᠠ | ᠰᠠᠯᠵᠤ᠂ ᠤᠯᠠᠭᠠᠡᠮᠦ᠋ᠷᠡᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠡ ᠳᠤ ᠢᠷᠡᠵᠦ ᠠᠵᠢᠯᠯᠠᠪᠠ᠃ ᠲᠤᠬᠠᠶ ᠶᠢᠨ | ᠦᠶ᠎ᠡ ᠳᠤ ᠤᠯᠠᠭᠠᠨᠮᠦ᠋ᠷᠡᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠶᠠᠭ ᠬᠦᠴᠢᠷᠳᠡᠯ ᠤᠨ ᠱᠠᠲᠤᠨ ᠳᠤ | ᠪᠠᠶᠢᠪᠠ᠃ ᠬᠠᠮᠢᠶᠠᠷᠤᠯᠲᠠ ᠰᠤᠯᠠ᠂ ᠦᠷᠢ ᠶᠡᠭᠡ᠂ ᠠᠵᠢᠯᠳᠠᠳ ᠤᠨ ᠰᠡᠳᠬᠢᠯ ᠰᠠᠨᠠᠭ᠎ᠠ ᠨᠢᠬᠡᠳᠬᠦ ᠦᠬᠡᠢ᠂ | ᠡᠮᠨᠡᠯᠭᠡ ᠶᠢᠨ ᠬᠤᠷᠢᠶᠠᠨ ᠤ ᠢᠷᠡᠭᠡᠳᠦᠶ ᠳᠤ ᠢᠲᠡᠭᠡᠯ ᠠᠯᠳᠠᠵᠤ ᠪᠠᠶᠢᠪᠠ ᠁ ᠡᠶᠢᠮᠦ ᠪᠠᠶᠢᠳᠠᠯ ᠤᠨᠡᠮᠦᠨ᠎ᠡ | ᠨᠠᠮᠰᠠᠷᠠᠢ ᠴᠡᠭᠴᠡᠯᠡᠵᠤ ᠬᠠᠮᠢᠶᠠᠷᠬᠤ ᠪᠠᠷ ᠵᠣᠷᠢᠭ ᠰᠢᠭᠤᠳᠴᠠᠶ᠃ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠷ ᠡᠷᠡᠭᠦᠯ | ᠬᠠᠮᠠᠭᠠᠯᠠᠯ ᠤᠨ ᠰᠢᠰᠲ᠋ᠧᠮ ᠤᠨ ᠠᠵᠢᠯ ᠲᠦᠷᠦᠯ ᠤᠨ ᠣᠨᠴᠠᠯᠢᠭ ᠲᠠᠢ ᠤᠶᠠᠯᠳᠤᠭᠤᠯᠵᠤ ᠨᠠᠮᠰᠠᠷᠠᠢ ᠲᠦᠷᠪᠡᠨ | ᠵᠦᠢᠯ ᠤᠨ ᠠᠵᠢᠯ ᠢ ᠬᠢᠵᠡᠢ᠄ ᠨᠢᠭᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠢᠷᠢ ᠲᠦᠪᠰᠢᠨ ᠢ | ᠴᠢᠷᠮᠠᠶᠢᠨ ᠳᠡᠭᠡᠭᠰᠢᠯᠡᠭᠦᠯᠦᠨ᠎ᠡ︔ ᠬᠤᠶᠠᠷ ᠲᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ︔ ᠭᠤᠷᠪᠠ ᠳᠤ᠂ ᠡᠮ ᠡᠮᠨᠡᠯᠭᠡ ᠶᠢᠨ | ᠵᠠᠷᠤᠳᠠᠯ ᠤᠨ ᠵᠤᠬᠢᠰ ᠦᠭᠡᠢ ᠨᠡᠮᠡᠭᠳᠡᠯ ᠢ ᠬᠢᠵᠠᠭᠠᠷᠯᠠᠨ᠎ᠠ︔ ᠲᠦᠷᠪᠡ ᠳᠤ᠂ ᠡᠮᠴᠢ ᠶᠢᠨ ᠮᠣᠷᠠᠯ ᠰᠤᠷᠲᠠᠯ ᠤᠨ | ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠲᠡᠭᠦᠨ ᠤ ᠲᠠᠭᠠᠭᠤᠯᠭ᠎ᠠ ᠪᠠᠷ ᠤᠯᠠᠭᠠᠨᠮᠦ᠋ᠷᠡᠨ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠡ ᠨᠢ ᠠᠯᠬᠤᠮ ᠠᠯᠬᠤᠮ ᠢᠶᠠᠷ ᠬᠦᠴᠢᠷᠳᠡᠯ ᠠᠴᠠ ᠮᠤᠯᠲᠤᠷᠠᠨ᠂ ᠥᠪᠡᠷ ᠤᠨ ᠭᠡᠰᠡᠨ ᠲᠦᠷᠦᠯ | ᠲᠡᠮᠳᠡᠭ ᠢᠶᠠᠨ ᠡᠭᠦᠳᠴᠦ᠂ ᠡᠮᠨᠡᠯᠭᠡ ᠶᠢᠨ ᠬᠤᠷᠢᠶ᠎ᠠ ᠨᠢ ᠪᠦᠬᠦ ᠲᠠᠯ᠎ᠠ ᠪᠠᠷ ᠬᠥᠭᠵᠢᠭᠰᠡᠨ ᠰᠠᠶᠢᠨ ᠪᠠᠶᠢᠳᠠᠯ ᠢ ᠡᠭᠦᠳᠪᠠ᠃ | 2016 ᠤᠨ ᠳᠤ ᠲᠡᠷᠡ ᠡᠵᠡᠨ ᠬᠤᠷᠤᠭ᠎ᠠ ᠬᠤᠰᠢᠭᠤᠨ ᠤ ᠮᠤᠩᠭᠤᠯ ᠬᠢᠳᠠᠳ ᠶᠡᠷᠤᠩᠭᠡᠶᠢᠯᠡᠭᠰᠡᠨ ᠡᠮᠨᠡᠯᠬᠡ ᠶᠢᠨ | ᠬᠤᠷᠢᠶᠠᠨ ᠤ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ | ᠡᠮᠴᠢ ᠪᠣᠯᠤᠭᠰᠠᠳ ᠲᠤᠬᠠᠢᠢᠯᠠᠭᠰᠠᠨ ᠠᠵᠢᠯ ᠮᠡᠷᠬᠡᠵᠢᠯ ᠤᠨ ᠬᠢᠷᠢ ᠲᠦᠪᠰᠢᠨ ᠦᠨᠳᠦᠷ ᠪᠠᠶᠢᠬᠤ ᠪᠠᠷ ᠪᠠᠷᠠᠬᠤ | ᠦᠬᠡᠢ ᠨᠡᠩ ᠴᠤ ᠥᠷᠥᠰᠢᠶᠡᠩᠭᠦᠶ ᠰᠡᠳᠬᠢᠯ ᠲᠠᠢ ᠪᠠᠶᠢᠬᠤ ᠬᠡᠷᠡᠭᠲᠡᠶ᠃ ᠪᠤᠳᠠᠭ᠎ᠠ ᠢᠳᠡᠵᠦ ᠪᠠᠶᠢᠭ᠎ᠠ ᠦᠶᠡᠰ | ᠡᠪᠡᠳᠴᠢᠳᠡᠨ ᠢᠷᠡᠪᠡᠯ ᠲᠠᠷᠦ᠋ᠢᠬᠠᠨ ᠠᠶᠠᠭ᠎ᠠ ᠰᠠᠪᠬ᠎ᠠ ᠪᠠᠨ ᠲᠠᠯᠪᠢᠵᠤ ᠡᠪᠡᠳᠴᠢᠨ ᠦᠵᠡᠨ᠎ᠠ᠂ ᠰᠦᠨᠢ ᠲᠦᠯᠢ ᠪᠠᠷ | ᠡᠪᠡᠳᠴᠢᠳᠡᠨ ᠡᠬᠦᠳᠡ ᠲᠤᠭᠰᠢᠪᠠᠯ ᠲᠠᠷᠦ᠋ᠢᠬᠠᠨ ᠪᠤᠰᠴᠤ ᠡᠪᠡᠳᠴᠢᠨ ᠦᠵᠡᠨ᠎ᠠ᠂ ᠡᠨᠡ ᠪᠣᠯ ᠨᠠᠮᠰᠠᠷᠠᠢ ᠶᠢᠨ ᠡᠳᠦᠷ | ᠲᠤᠲᠤᠮ ᠤᠨ ᠠᠮᠢᠳᠤᠷᠠᠯ ᠤᠨ ᠵᠢᠷᠤᠭᠯᠠᠯ ᠪᠣᠯᠤᠨ᠎ᠠ᠃ ᠲᠡᠷᠡ ᠥᠪᠡᠷ ᠢᠶᠠᠨ ᠪᠠᠰᠠ ᠬᠦᠵᠦᠭᠦᠦ ᠨᠢᠷᠤᠭᠤᠨ ᠤ | ᠡᠪᠡᠳᠴᠢᠨ ᠳᠤ ᠨᠡᠷᠪᠡᠭᠳᠡᠭᠰᠡᠨ ᠪᠣᠯᠪᠠᠴᠤ ᠡᠪᠡᠳᠴᠢᠲᠡᠨ ᠳᠤ ᠬᠡᠵᠢᠶᠡᠳᠡ ᠡᠶᠡᠯᠳᠡᠭ ᠵᠥᠭᠡᠯᠡᠨ ᠤᠪᠤᠷ ᠢᠶᠠᠷ ᠬᠠᠨᠳᠤᠨ᠂ | ᠡᠪᠡᠳᠴᠢᠳᠡᠨ ᠤ ᠠᠰᠠᠭᠤᠯᠲᠠ ᠪᠦᠬᠦᠨ ᠢ ᠬᠦᠯᠢᠴᠡᠩᠭᠦᠶ ᠪᠠᠷ ᠬᠠᠷᠢᠭᠤᠯᠵᠤ᠂ ᠡᠪᠡᠳᠴᠢᠨ ᠤ ᠪᠠᠶᠢᠳᠠᠯ ᠢ ᠨᠢ ᠨᠠᠷᠢᠨ | ᠬᠢᠨᠠᠮᠠᠭᠠᠶ ᠪᠠᠶᠢᠴᠠᠭᠠᠨ ᠦᠭᠳᠡᠭ᠃ ᠵᠠᠷᠢᠮ ᠳᠠᠭᠠᠨ ᠲᠡᠷᠡ ᠡᠳᠦᠷ ᠪᠦᠷᠢ ᠵᠠᠭᠤ ᠭᠠᠷᠤᠶ ᠡᠪᠡᠳᠴᠢᠲᠡᠨ ᠳᠤ ᠡᠪᠡᠳᠴᠢᠨ | ᠦᠵᠡᠵᠦ ᠠᠷᠪᠠᠨ ᠬᠡᠳᠦᠨ ᠴᠠᠭ ᠵᠠᠷᠤᠴᠠᠭᠤᠯᠳᠠᠭ᠃ | ︽ᠥᠨᠥᠳᠦᠷ ᠲᠠᠨ ᠤ ᠪᠠᠶ᠎ᠠ ᠶᠢᠨ ᠪᠠᠶᠢᠳᠠᠯ ᠶᠠᠮᠠᠷ ᠪᠠᠶᠢᠨ᠎ᠠ︖︾᠂ ︽ᠰᠡᠳᠬᠢᠯ ᠰᠠᠨᠠᠭ᠎ᠠ ᠪᠠᠨ ᠠᠭᠤᠵᠢᠭᠤ | ᠲᠠᠯᠪᠢ᠂ ᠪᠢ ᠲᠠᠨ ᠤ ᠡᠪᠡᠳᠴᠢᠨ ᠢ ᠰᠠᠶᠢᠬᠠᠨ ᠦᠵᠡᠵᠦ ᠦᠭᠬᠦᠶ᠎ᠡ︾ ᠭᠡᠵᠦ ᠡᠪᠡᠳᠴᠢᠨ ᠢᠶᠠᠨ ᠦᠵᠡᠭᠦᠯᠬᠦ ᠪᠠᠷ | ᠢᠷᠡᠭᠰᠡᠳ ᠢ ᠬᠠᠯᠠᠭᠤᠨ ᠳᠣᠲᠣᠨᠣ ᠪᠠᠷ ᠬᠠᠯᠠᠮᠵᠢᠯᠠᠳᠠᠭ ᠢᠶᠠᠷ ᠡᠪᠡᠳᠴᠢᠳᠡᠳ ᠪᠠᠶᠢᠴᠠᠭᠠᠯᠲᠠ ᠶᠢ ᠠᠮᠠᠷᠬᠠᠨ ᠬᠦᠯᠢᠶᠡᠵᠦ | ᠂ ᠡᠮᠴᠢᠯᠡᠭᠡᠨ ᠤ ᠰᠠᠨᠠᠯ ᠢ ᠠᠮᠠᠷᠬᠠᠨ ᠰᠤᠨᠤᠰᠳᠠᠭ ᠮᠦᠷᠳᠡᠬᠡᠨ ᠡᠪᠡᠳᠴᠢᠲᠡᠨ ᠤ ᠥᠷᠥᠭᠡᠨ ᠤ ᠠᠭᠤᠷ ᠠᠮᠢᠰᠬᠤᠯ ᠴᠤ | ᠲᠡᠶᠢᠮᠦ ᠨᠦᠰᠡᠷ ᠬᠦᠨᠳᠦ ᠪᠢᠰᠢ ᠪᠠᠶᠢᠳᠠᠭ᠃ ᠡᠪᠡᠳᠴᠢᠲᠡᠨ ᠤ ᠨᠢᠳᠦᠨ ᠳᠤ ᠨᠠᠮᠰᠠᠷᠠᠢ ᠪᠤᠯ ᠡᠮᠨᠡᠯᠬᠡ ᠶᠢᠨ ᠬᠤᠷᠢᠶᠠᠨ ᠤ | ᠲᠠᠷᠤᠭ᠎ᠠ ᠪᠢᠰᠢ᠂ ᠲᠤᠰᠬᠠᠶ ᠮᠡᠷᠭᠡᠵᠢᠯᠲᠡᠨ ᠪᠢᠰᠢ᠂ ᠬᠠᠷᠢᠨ ᠬᠠᠯᠠᠭᠤᠮᠰᠤᠬ ᠲᠤᠲᠤᠨᠤ ᠬᠡᠷ ᠤᠨ ᠬᠦᠮᠦᠨ᠂ ᠨᠠᠶᠢᠵᠠ | ᠨᠥᠬᠦᠳ ᠨᠢ ᠮᠡᠳᠦ ᠰᠠᠨᠠᠭᠳᠠᠳᠠᠭ ᠠᠵᠢ᠃ | ᠠᠵᠤ ᠠᠬᠤᠶ ᠶᠢᠨ ᠲᠠᠯ᠎ᠠ ᠪᠠᠷ ᠬᠦᠴᠢᠷᠳᠡᠯᠲᠡᠶ ᠡᠪᠡᠳᠴᠢᠲᠡᠨ ᠳᠤ ᠪᠣᠯ ᠨᠠᠮᠰᠠᠷᠠᠢ ᠶᠠᠭᠠᠬᠢᠪᠠᠯ ᠰᠠᠶ᠋ᠢ ᠵᠣᠭᠤᠰ | ᠠᠷᠪᠢᠯᠠᠬᠤ ᠮᠥᠷᠲᠡᠭᠡᠨ ᠪᠠᠰᠠ ᠡᠪᠡᠳᠴᠢᠨ ᠢ ᠨᠢ ᠲᠣᠳᠣᠷᠬᠠᠶ ᠪᠠᠶᠢᠴᠠᠭᠠᠬᠤ ᠪᠠᠷ ᠠᠷᠭ᠎ᠠ ᠪᠦᠬᠦᠨ ᠢ ᠰᠦᠪᠡᠭᠴᠢᠯᠡᠵᠤ᠂ | ᠡᠮᠴᠢᠯᠡᠭᠡᠨ ᠤ ᠵᠠᠷᠤᠳᠠᠯ ᠢ ᠨᠢ ᠠᠷᠪᠢᠯᠠᠵᠤ ᠥᠭᠬᠦ ᠶᠢ ᠪᠤᠳᠤᠳᠠᠭ᠃ ᠣᠨᠴᠠᠭᠠᠶ ᠶᠠᠳᠠᠭᠤ ᠬᠦᠴᠢᠷᠳᠡᠯᠲᠡᠶ | ᠡᠪᠡᠳᠴᠢᠲᠡᠨ ᠳᠤ ᠪᠤᠯ ᠲᠡᠷᠡ ᠰᠠᠨᠠᠭᠠᠴᠢᠯᠠᠭ᠎ᠠ ᠠᠴᠠ ᠪᠠᠨ ᠥᠪᠡᠷ ᠤᠨ ᠴᠠᠯᠢᠩ ᠢᠶᠠᠷ ᠢᠶᠠᠨ ᠲᠡᠳᠡᠨ ᠳᠤ ᠡᠮᠨᠡᠯᠭᠡ ᠶᠢᠨ | ᠵᠠᠷᠤᠳᠠᠯ ᠢ ᠨᠢ ᠭᠠᠷᠭᠠᠵᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠡᠳ᠋ ᠬᠤᠳᠠᠯᠳᠤᠨ ᠠᠪᠴᠤ ᠥᠭᠳᠡᠭ᠃ ︽ | ᠦᠨᠡᠨ ᠢ ᠬᠡᠯᠡᠪᠡᠯ ᠲᠡᠲᠡᠨ ᠳᠤ ᠮᠦᠡᠭᠭᠦ ᠲᠦᠬᠦᠷᠢᠭ ᠵᠢᠬᠡᠯᠡᠵᠦ ᠦᠭᠪᠡᠯ ᠶᠡᠷᠦ ᠠᠴᠠ ᠪᠠᠨ ᠪᠤᠴᠠᠭᠠᠵᠤ ᠠᠪᠬᠤ ᠶᠢ | ᠪᠤᠳᠤᠵᠤ ᠦᠡᠭᠭᠡᠷᠡᠭᠰᠡᠨ ᠦᠬᠡᠢ᠂ ᠬᠡᠷᠪᠡ ᠬᠡᠳᠦᠨ ᠠᠷᠪᠠᠨ ᠲᠥᠭᠦᠷᠢᠭ᠂ ᠬᠡᠳᠦᠨ ᠵᠠᠭᠤᠨ ᠲᠥᠭᠦᠷᠢᠭ ᠢᠶᠠᠷ | ᠡᠪᠡᠳᠴᠢᠨ ᠨᠢ ᠡᠷᠡᠬᠦᠯᠵᠢᠴᠢᠬᠡᠪᠡᠯ ᠪᠢ ᠴᠤ ᠰᠡᠳᠬᠢᠯ ᠤᠨ ᠤᠭ ᠠᠴᠠ ᠪᠠᠨ ᠪᠠᠶᠠᠷᠯᠠᠨ᠎ᠠ ᠰᠢᠦ︾ ᠭᠡᠵᠦ ᠶᠠᠷᠢᠨ᠎ᠠ᠃ | | ᠮᠠᠯᠴᠢᠨ ᠲᠠᠷᠢᠶᠠᠴᠢᠳ ᠤᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ᠶᠢᠨ ᠲᠥᠯᠥᠭᠡ ᠨᠠᠮᠰᠠᠷᠠᠢ ᠪᠥᠬᠦ | ᠡᠮᠨᠡᠯᠭᠡ ᠶᠢᠨ ᠬᠤᠷᠢᠶᠠᠨ ᠤ ᠠᠵᠢᠯᠲᠠᠳ ᠢᠶᠠᠨ ᠳᠠᠭᠠᠭᠤᠯᠤᠨ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ | ᠠᠮᠠᠷᠠᠯᠲᠠ ᠶᠢᠨ ᠴᠠᠭ ᠢᠶᠠᠷ ᠢᠶᠠᠨ ᠡᠯ᠎ᠡ ᠰᠢᠶᠠᠩ ᠪᠠᠯᠭᠠᠰᠤᠨ ᠳᠤ ᠬᠦᠷᠴᠦ ᠲᠣᠰᠬᠤᠨ ᠤ ᠠᠷᠠᠳ ᠲᠤ ᠦᠨ᠎ᠡ | ᠲᠦᠯᠦᠪᠦᠷᠢ ᠥᠬᠡᠶ ᠡᠮᠴᠢᠯᠡᠭᠡ ᠪᠠ ᠡᠮ ᠬᠦᠷᠭᠡᠨ ᠥᠭᠴᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ | ᠡᠷᠡᠭᠦᠯᠵᠢᠯ ᠤᠨ ᠮᠡᠳᠡᠯᠭᠡ ᠶᠢ ᠤᠬᠠᠭᠤᠯᠤᠨ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ ᠶᠠᠪᠤᠵᠠᠢ᠃ | ︽ᠰᠠᠶᠢᠨ ᠡᠮᠴᠢ ᠪᠣᠯᠤᠶ᠎ᠠ ᠭᠡᠪᠡᠯ ᠵᠦᠪᠬᠡᠨ ᠰᠠᠶᠢᠨ ᠦᠢᠯᠡᠴᠢᠯᠡᠬᠦ ᠣᠪᠣᠷ ᠪᠠᠶᠢᠭᠠᠳ ᠪᠤᠯᠬᠤ ᠦᠬᠡᠢ᠂ ᠬᠠᠷᠢᠨ | ᠪᠠᠰᠠ ᠴᠠᠭᠠᠷᠠᠭᠰᠠᠨ ᠮᠡᠷᠭᠡᠵᠢᠯ ᠲᠠᠢ ᠪᠠᠶᠢᠵᠤ᠂ ᠡᠪᠡᠳᠴᠢᠲᠡᠨ ᠳᠤ ᠦᠢᠯᠡᠴᠢᠯᠡᠬᠦ ᠴᠢᠳᠠᠪᠤᠷᠢ ᠲᠠᠢ ᠪᠠᠶᠢᠬᠤ ᠬᠡᠷᠡᠭᠳᠡᠢ︾ | ᠂ ᠨᠠᠮᠰᠠᠷᠠᠢ ᠢᠩᠭᠢᠵᠦ ᠪᠤᠳᠤᠳᠠᠭ ᠮᠦᠷᠳᠡᠬᠡᠨ ᠢᠩᠭᠢᠵᠦ ᠬᠢᠭᠰᠡᠭᠡᠷ ᠢᠷᠡᠵᠡᠢ᠃ ᠲᠡᠷᠡ ᠮᠡᠷᠭᠡᠵᠢᠯ ᠤᠨ | ᠲᠠᠭᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠯᠠᠭᠤ ᠡᠮᠴᠢ ᠨᠠᠷ ᠢ ᠪᠣᠯᠪᠠᠰᠤᠷᠠᠭᠤᠯᠬᠤ ᠠᠵᠢᠯ ᠢ | ᠤᠬᠠᠮᠰᠠᠷ ᠠᠴᠠ ᠪᠠᠨ ᠡᠭᠦᠷᠭᠡᠯᠡᠵᠦ᠂ ᠥᠪᠡᠷ ᠤᠨ ᠡᠵᠡᠮᠰᠢᠭᠰᠡᠨ ᠮᠡᠷᠭᠡᠵᠢᠯ ᠪᠣᠯᠤᠨ ᠲᠤᠷᠰᠢᠯᠭ᠎ᠠ ᠪᠠᠨ | ᠵᠠᠯᠠᠭᠤᠴᠤᠳ ᠲᠤ ᠦᠯᠡᠳᠡᠭᠡᠯ ᠦᠭᠡᠢ ᠤᠯᠠᠮᠵᠢᠯᠠᠨ ᠦᠭᠴᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠢᠬᠡᠨ | ᠮᠣᠷᠠᠯ ᠰᠠᠶᠢᠲᠠᠢ᠂ ᠮᠡᠷᠭᠡᠵᠢᠯ ᠰᠠᠶᠢᠲᠠᠢ᠂ ᠣᠪᠣᠷ ᠰᠤᠷᠲᠠᠯ ᠰᠠᠶᠢᠲᠠᠢ ᠮᠣᠩᠭᠤᠯ ᠡᠮᠴᠢ ᠶᠢᠨ ᠡ᠊ᠩᠨᠡᠭᠡ ᠶᠢ | ᠪᠤᠯᠪᠠᠰᠤᠷᠠᠭᠤᠯᠵᠤ ᠭᠠᠷᠭᠠᠭᠰᠠᠨ ᠪᠠᠶᠢᠨ᠎ᠠ᠃ | ᠨᠠᠮᠰᠠᠷᠠᠢ ᠶᠡᠭᠡ ᠬᠡᠮᠵᠢᠶᠡᠨ ᠤ ᠮᠣᠩᠭᠤᠯ ᠠᠨᠠᠭᠠᠬᠤ ᠤᠬᠠᠭᠠᠨ ᠤ ᠰᠣᠩᠭᠤᠳᠠᠭ ᠪᠦᠲᠦᠭᠡᠯ ᠢ ᠰᠤᠳᠤᠯᠬᠤ ᠶᠢᠨ | ᠬᠠᠮᠲᠤ ᠦᠷᠭᠦᠯᠵᠢ ᠰᠤᠯᠠ ᠰᠡᠯᠡᠭᠦᠦ ᠴᠠᠭ ᠢᠶᠠᠨ ᠠᠰᠢᠭᠯᠠᠨ ᠡᠮᠨᠡᠯᠭᠡ ᠶᠢᠨ ᠬᠤᠷᠢᠶᠠᠨ ᠤ ᠠᠵᠢᠯᠲᠠᠳ ᠢᠶᠠᠨ | ᠳᠠᠭᠠᠭᠤᠯᠤᠨ ᠠᠭᠤᠯᠠ ᠬᠦᠳᠡᠭᠡ ᠪᠠᠷ ᠡᠮ ᠤᠨ ᠮᠠᠲ᠋ᠧᠷᠢᠶᠠᠯ ᠲᠡᠬᠦᠳᠡᠭ᠃ ᠲᠡᠭᠦᠨ ᠤ ᠵᠢᠯᠤᠭᠤᠳᠤᠯᠭ᠎ᠠ ᠪᠠ | ᠬᠠᠪᠰᠤᠷᠤᠯᠭ᠎ᠠ ᠳᠣᠣᠷ᠎ᠠ ᠡᠮᠴᠢ ᠨᠡᠷ ᠵᠣᠬᠢᠬᠤ ᠬᠡᠮᠵᠢᠶᠡᠨ ᠤ ᠡᠮ ᠲᠡᠭᠦᠬᠦ ᠮᠡᠷᠭᠡᠵᠢᠯ ᠢ ᠡᠵᠡᠮᠰᠢᠵᠦ᠂ ᠡᠪᠡᠰᠦᠨ ᠡᠮ ᠤᠨ | ᠴᠢᠨᠠᠷ ᠢ ᠰᠠᠶᠢᠨ ᠮᠡᠳᠡᠭᠰᠡᠨ ᠢᠶᠠᠷ ᠪᠠᠷᠠᠬᠤ ᠦᠭᠡᠢ ᠪᠠᠰᠠ ᠰᠣᠷᠣᠭᠰᠠᠨ ᠮᠡᠳᠡᠯᠭᠡ ᠲᠠᠢ ᠪᠠᠨ ᠤᠶᠠᠯᠳᠤᠭᠤᠯᠤᠨ ᠬᠡᠷᠡᠭᠯᠡᠵᠦ | ᠴᠢᠳᠠᠵᠠᠢ᠃ | ᠡᠭᠦᠨ ᠤ ᠬᠠᠮᠲᠤ ᠲᠡᠷᠡ ᠪᠠᠰᠠ ︽ᠭᠠᠳᠠᠭᠰᠢ ᠭᠠᠷᠴᠤ ᠤᠷᠢᠵᠤ ᠠᠪᠴᠢᠷᠠᠬᠤ︾ ᠠᠷᠭ᠎ᠠ ᠪᠠᠷ ᠤᠷᠢᠳ | ᠬᠤᠵᠢᠳ ᠮᠠᠰᠢ ᠤᠯᠠᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠪᠡᠬᠡᠵᠢᠩ ᠶᠡᠭᠡ ᠰᠤᠷᠭᠠᠭᠤᠯᠢ ᠶᠢᠨ | ᠭᠤᠷᠪᠠᠳᠤᠭᠠᠷ ᠡᠮᠨᠡᠯᠭᠡ ᠶᠢᠨ ᠬᠤᠷᠢᠶ᠎ᠡ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠬᠠᠷᠢᠶᠠᠲᠤ ᠡᠮᠨᠡᠯᠭᠡ ᠶᠢᠨ ᠬᠤᠷᠢᠶ᠎ᠠ᠂ ᠤᠷᠳᠤᠰ ᠬᠤᠳᠠ ᠶᠢᠨ ᠲᠥᠪ ᠡᠮᠨᠡᠯᠭᠡ ᠶᠢᠨ ᠬᠤᠷᠢᠶ᠎ᠡ ᠵᠡᠷᠭᠡ ᠨᠡᠷᠡᠳᠦ | ᠡᠮᠨᠡᠯᠭᠡ ᠶᠢᠨ ᠬᠤᠷᠢᠶ᠎ᠡ ᠳᠤ ᠲᠣᠮᠢᠯᠠᠨ ᠳᠠᠪᠲᠠᠨ ᠪᠣᠯᠪᠠᠰᠤᠷᠠᠭᠤᠯᠵᠤ᠂ ᠰᠢᠨ᠎ᠡ ᠣᠷᠴᠢᠨ ᠲᠣᠭᠤᠷᠢᠨ ᠰᠢᠨ᠎ᠡ ᠴᠠᠭ | ᠦᠶ᠎ᠡ ᠠᠴᠠ ᠡᠮᠨᠡᠯᠭᠡ ᠶᠢᠨ ᠠᠵᠢᠯᠲᠠᠳ ᠲᠤ ᠲᠠᠯᠪᠢᠵᠤ ᠪᠠᠶᠢᠭ᠎ᠠ ᠥᠨᠳᠥᠷ ᠱᠠᠭᠠᠷᠳᠠᠯᠭ᠎ᠠ ᠲᠠᠢ ᠵᠣᠬᠢᠴᠠᠭᠤᠯᠪᠠ᠃ | | ᠦᠨᠳᠦᠰᠦᠲᠡᠨ ᠤ ᠬᠢ ᠪᠣᠯ ᠰᠠᠶ᠋ᠢ ᠳᠡᠯᠡᠬᠡᠶ ᠶᠢᠨ ᠬᠢ ᠶᠤᠮ᠃ ᠮᠣᠩᠭᠤᠯ ᠡᠮᠴᠢ ᠪᠣᠯᠤᠭᠰᠠᠨ ᠤ ᠬᠤᠪᠢ ᠳᠤ | ᠣᠯᠠᠨ ᠵᠢᠯ ᠤᠨ ᠲᠤᠷᠰᠢ ᠨᠠᠮᠰᠠᠷᠠᠢ ᠳᠤᠮᠳᠠᠳᠤ ᠭᠠᠳᠠᠭᠠᠳᠤ ᠶᠢᠨ ᠠᠨᠠᠭᠠᠬᠤ ᠤᠬᠠᠭᠠᠨ ᠤ ᠰᠣᠩᠭᠤᠳᠠᠭ ᠪᠦᠲᠦᠭᠡᠯ ᠢ | ᠦᠵᠡᠵᠦ᠂ ᠨᠢᠭᠡ ᠰᠡᠳᠬᠢᠯ ᠢᠶᠠᠷ ᠰᠤᠳᠤᠯᠤᠨ᠂ ᠨᠠᠷᠢᠨ ᠬᠢᠨᠠᠮᠠᠭᠠᠶ ᠵᠠᠳᠠᠯᠤᠨ ᠰᠢᠨᠵᠢᠯᠡᠵᠦ᠂ ᠬᠠᠭᠤᠴᠢᠨ ᠢ ᠤᠷᠬᠢᠨ | ᠰᠢᠨ᠎ᠡ ᠶᠢ ᠡᠭᠦᠳᠴᠤ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠪᠡ᠃ ᠲᠡᠷᠡ | ᠲᠠᠰᠤᠷᠠᠯᠲᠠ ᠦᠭᠡᠢ ᠰᠤᠷᠤᠯᠴᠠᠨ ᠰᠤᠳᠤᠯᠬᠤ ᠪᠠᠷ ᠳᠠᠮᠵᠢᠨ᠂ ᠬᠢᠳᠠᠳ ᠮᠣᠩᠭᠤᠯ ᠧᠦ᠋ᠷᠣᠫᠠ ᠶᠢ | ᠤᠶᠠᠯᠳᠤᠭᠤᠯᠤᠭᠰᠠᠨ ᠵᠡᠭᠦᠦ ᠲᠥᠭᠡᠨᠡᠯᠭᠡ ᠶᠢᠨ ᠤᠨᠴᠠᠯᠢᠭᠳᠤ ᠵᠠᠰᠠᠯᠭ᠎ᠠ ᠶᠢ ᠠᠰᠢᠭᠯᠠᠵᠤ᠂ ᠮᠠᠰᠢ ᠤᠯᠠᠨ ᠬᠦᠴᠢᠷ | ᠲᠦᠪᠡᠭᠲᠡᠢ ᠡᠪᠡᠳᠴᠢᠨ ᠳᠤ ᠨᠡᠷᠪᠡᠭᠳᠡᠭᠰᠡᠳ ᠢ ᠡᠮᠨᠡᠨ ᠡᠳᠡᠭᠡᠷᠡᠭᠦᠯᠵᠡᠢ᠃ ᠢᠯᠠᠩᠭᠤᠶ᠎ᠠ ᠤᠳᠠᠭᠠᠨ ᠴᠢᠨᠠᠷᠲᠠᠶ | ᠬᠤᠳᠣᠭᠤᠳᠣᠨ ᠤ ᠦᠷᠪᠢᠰᠦᠯ᠂ ᠤᠳᠠᠭᠠᠨ ᠴᠢᠨᠠᠷᠲᠠᠶ ᠮᠥᠭᠡᠷᠰᠦᠨ ᠬᠤᠭᠤᠯᠠᠶ ᠶᠢᠨ ᠦᠷᠪᠢᠰᠦᠯ᠂ ᠪᠥᠭᠡᠷ᠎ᠡ ᠶᠢᠨ | ᠡᠪᠡᠳᠴᠢᠨ ᠤ ᠨᠡᠶᠢᠯᠡᠭ ᠭᠡᠮ᠂ ᠠᠵᠢᠯᠯᠠᠭ᠎ᠠ ᠶᠢᠨ ᠴᠢᠨᠠᠷᠲᠠᠶ ᠬᠡᠦᠬᠡᠨ ᠬᠡᠪᠲᠡᠰᠢ ᠠᠴᠠ ᠴᠢᠰᠤ ᠭᠠᠷᠬᠤ᠂ ᠬᠦᠵᠦᠭᠦᠨ ᠤ | ᠡᠪᠡᠳᠴᠢᠨ᠂ ᠶᠠᠰᠤ ᠤᠷᠭᠤᠬᠤ᠂ ᠪᠦᠰᠡᠯᠡᠭᠦᠷ ᠨᠢᠷᠤᠭᠤᠨ ᠤ ᠰᠡᠭᠡᠷ ᠤᠨ ᠲᠠᠪᠠᠭ ᠳᠣᠪᠤᠶᠢᠬᠤ᠂ ᠬᠡᠷᠡᠬᠦ ᠴᠢᠨᠠᠷᠲᠠᠶ | ᠦᠶ᠎ᠡ ᠭᠡᠰᠢᠭᠦᠨ ᠤ ᠦᠷᠪᠢᠰᠦᠯ ᠁ ᠵᠡᠷᠭᠡ ᠪᠠᠶᠢᠡᠭᠭᠤ ᠲᠤᠬᠢᠶᠡᠯᠳᠦᠳᠠᠭ ᠡᠪᠡᠳᠴᠢᠨ᠂ ᠣᠯᠠᠨ ᠡᠭᠦᠰᠳᠡᠭ | ᠡᠪᠡᠳᠴᠢᠨ ᠪᠠ ᠡᠯᠳᠡᠪ ᠡᠪᠡᠳᠴᠢᠨ ᠢ ᠰᠠᠶᠢᠨ ᠡᠮᠴᠢᠯᠡᠳᠡᠭ ᠪᠤᠯᠬᠤᠷ ᠮᠠᠰᠢ ᠤᠯᠠᠨ ᠡᠪᠡᠳᠴᠢᠲᠡᠨ ᠨᠡᠷ᠎ᠡ ᠠᠯᠳᠠᠷ ᠢ ᠨᠢ | ᠰᠣᠨᠣᠰᠤᠭᠠᠳ ᠡᠮᠴᠢᠯᠡᠬᠦᠯᠬᠦ ᠪᠠᠷ ᠤᠴᠢᠳᠠᠭ ᠪᠠᠶᠢᠨ᠎ᠠ᠃ ᠵᠢᠱᠢᠶᠡᠯᠡᠪᠡᠯ ᠤᠲᠤᠭ ᠬᠤᠰᠢᠭᠤ ᠠᠴᠠ ᠢᠷᠡᠭᠰᠡᠨ ᠨᠢᠭᠡᠨ | ᠤᠳᠠᠭᠠᠨ ᠬᠤᠭᠤᠴᠠᠭ᠎ᠠ ᠡᠮᠨᠡᠭᠦᠯᠦᠭᠡᠳ ᠡᠳᠡᠭᠡᠷᠡᠬᠦ ᠦᠭᠡᠢ ᠤᠳᠠᠭᠠᠨ ᠴᠢᠨᠠᠷᠲᠠᠶ ᠰᠠᠯᠪᠤᠷᠢ ᠮᠥᠭᠡᠷᠰᠦᠨ ᠬᠤᠭᠤᠯᠠᠶ ᠶᠢᠨ | ᠦᠷᠪᠢᠰᠦᠯ ᠲᠠᠢ ᠡᠪᠡᠳᠴᠢᠲᠡᠨ ᠲᠡᠭᠦᠨ ᠢ ᠡᠷᠢᠵᠦ ᠬᠤᠶᠠᠷ ᠡᠮᠴᠢᠯᠡᠭᠡᠨ ᠤ ᠬᠤᠭᠤᠴᠠᠭ᠎ᠠ ᠡᠮᠨᠡᠬᠦᠯᠦᠬᠡᠳ ᠮᠡᠳᠡᠭᠳᠡᠮ᠎ᠡ | ᠦᠷ᠎ᠡ ᠪᠦᠲᠦᠮᠵᠢ ᠣᠯᠵᠤ ᠡᠳᠡᠭᠡᠷᠡᠵᠡᠢ᠃ ᠱᠠᠨᠰᠢ ᠶᠢᠨ ᠨᠢᠭᠡᠨ ᠡᠪᠡᠳᠴᠢᠲᠡᠨ ᠨᠢᠷᠤᠭᠤᠨ ᠤ ᠦᠶ᠎ᠠ ᠶᠢᠨ ᠮᠦᠬᠡᠷᠰᠦᠨ | ᠲᠠᠪᠠᠭ ᠳᠣᠪᠤᠶᠢᠬᠤ ᠡᠪᠡᠳᠴᠢᠨ ᠢᠶᠠᠨ ᠡᠮᠨᠡᠬᠦᠯᠬᠦ ᠪᠠᠷ ᠢᠷᠡᠵᠦ᠂ ᠵᠡᠭᠦᠦ ᠲᠥᠭᠡᠨᠡᠯᠭᠡ ᠪᠠ ᠬᠢᠲᠠᠳ ᠮᠣᠩᠭᠤᠯ ᠡᠮ ᠢᠶᠠᠷ | ᠤᠶᠠᠯᠳᠤᠭᠤᠯᠤᠨ ᠡᠮᠨᠡᠬᠦᠯᠦᠬᠡᠳ ᠮᠠᠰᠢ ᠲᠦᠷᠬᠡᠨ ᠠᠯᠬᠤᠵᠤ ᠬᠢᠰᠬᠢᠬᠦ ᠳᠡᠭᠡᠨ ᠴᠢᠯᠦᠬᠡᠳᠡᠢ ᠪᠤᠯᠵᠤ ᠴᠢᠳᠠᠵᠠᠢ᠃ ᠲᠡᠷᠡ | ᠄ ︽ᠦᠨᠡᠬᠡᠷ ᠨᠡᠷ᠎ᠡ ᠨᠢᠳᠡᠷ ᠲᠡᠭᠡᠨ ᠲᠡᠩᠴᠡᠭᠰᠡᠨ ᠰᠡᠶᠢᠨ ᠡᠮᠴᠢ ᠪᠠᠶᠢᠨ᠎ᠠ ᠰᠢᠦ᠂ ᠪᠠᠭ᠎ᠠ ᠡᠮᠨᠡᠯᠭᠡ ᠶᠢᠨ ᠬᠤᠷᠢᠶᠠᠨ ᠳᠤ | ᠪᠠᠰᠠ ᠶᠡᠭᠡ ᠴᠢᠳᠠᠪᠤᠷᠢ ᠲᠠᠢ ᠡᠮᠴᠢ ᠪᠠᠶᠢᠳᠠᠭ ᠶᠤᠮ ᠪᠠᠶᠢᠨ᠎ᠠ︾ ᠬᠡᠵᠦ ᠡᠷᠡᠬᠡᠢ ᠭᠠᠷᠭᠠᠨ ᠮᠠᠭᠳᠠᠵᠠᠢ᠃ | 30 ᠭᠠᠷᠤᠶ ᠵᠢᠯ ᠤᠨ ᠡᠮᠴᠢᠯᠡᠭᠡᠨ ᠤ ᠶᠠᠪᠤᠴᠠ ᠳᠤ ᠨᠠᠮᠰᠠᠷᠠᠢ ᠡᠷᠬᠢᠮ ᠳᠡᠭᠡᠳᠦ ᠮᠣᠷᠠᠯ᠂ ᠥᠷᠥᠰᠢᠶᠡᠩᠭᠦᠶ | ᠰᠡᠳᠬᠢᠯ᠂ ᠠᠵᠢᠯ ᠦᠢᠯᠡᠰ ᠢᠶᠠᠨ ᠳᠡᠭᠡᠳᠦᠯᠡᠵᠤ ᠠᠵᠢᠯ ᠤᠨ ᠪᠠᠶᠢᠷᠢ ᠪᠠᠨ ᠬᠠᠶᠢᠷᠠᠯᠠᠬᠤ ᠣᠷᠭᠢᠯᠤᠮ᠎ᠠ ᠬᠠᠯᠠᠭᠤᠨ | ᠰᠡᠳᠬᠢᠯᠭᠡ ᠪᠠ ᠬᠠᠷᠠᠮ ᠥᠬᠡᠶ ᠵᠢᠳᠬᠦᠬᠦ ᠭᠤᠶᠠᠴᠢ ᠥᠬᠡᠶ ᠵᠣᠷᠢᠭ ᠰᠠᠨᠠᠭ᠎ᠠ ᠪᠠᠷ ᠢᠶᠠᠨ ᠠᠮᠢ ᠨᠠᠰᠤᠨ ᠤ ᠮᠠᠭᠲᠠᠭᠠᠯ | ᠳᠠᠭᠤᠤ ᠶᠢ ᠪᠢᠴᠢᠭᠯᠡᠭᠰᠡᠨ ᠶᠤᠮ᠃ ᠡᠮᠴᠢ ᠪᠣᠯᠤᠭᠰᠠᠨ ᠠᠴᠠ ᠨᠠᠭᠠᠰᠢ᠂ ᠲᠡᠷᠡ ᠤᠷᠢᠳ ᠬᠤᠵᠢᠳ ᠪᠦᠬᠦ ᠣᠷᠣᠨ ᠤ | ᠰᠢᠯᠢᠳᠡᠭ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶᠠᠨ ᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠭᠦᠨ ᠤ ᠬᠤᠪᠢ ᠬᠥᠮᠦᠨ ᠵᠡᠷᠭᠡ ᠤᠯᠠᠨ ᠢᠷᠠᠭᠤ ᠠᠯᠳᠠᠷ ᠢ | ᠬᠦᠷᠳᠡᠵᠤ᠂ ᠪᠠᠰᠠ ᠲᠠᠪᠤᠳᠤᠭᠠᠷ ᠬᠤᠭᠤᠴᠠᠭᠠᠨ ᠤ ᠪᠦᠬᠦ ᠬᠤᠳᠠ ᠶᠢᠨ ᠶᠣᠰᠣ ᠰᠤᠷᠲᠠᠬᠤᠨ ᠤ ᠵᠢᠱᠢᠶᠡᠴᠢ ᠪᠠᠷ | ᠦᠨᠡᠯᠡᠭᠳᠡᠪᠡ᠃ | | | | |