ᠡᠵᠡᠨ ᠬᠤᠷᠤᠭ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠢᠶᠠᠨ ᠭᠠᠩ
ᠨᠡᠶᠢᠲᠡᠯᠡᠭᠰᠡᠨ ᠴᠠᠭ᠄
2021/11/24
     ᠨᠠᠮ ᠤᠨ ᠲᠥᠯᠥᠭᠡᠯᠡᠭᠴᠢ ᠡᠵᠡᠨ ᠬᠤᠷᠤᠭ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠢᠶᠠᠨ ᠭᠠᠩ᠄ ︽ᠬᠤᠸᠠ ᠱᠦᠵᠢ ᠶᠢᠨ ᠬᠢᠭᠰᠡᠨ ᠢᠯᠡᠳᠬᠡᠯ ᠨᠢ ᠠᠯᠤᠰ ᠬᠡᠲᠦ ᠶᠢᠨ ᠵᠣᠭᠰᠣᠴᠠ ᠲᠠᠢ᠂ ᠰᠡᠳᠬᠢᠴᠡ ᠲᠣᠳᠣᠷᠬᠠᠶ᠂ ᠠᠭᠤᠯᠤᠭᠳᠠᠬᠤᠨ ᠪᠠᠶᠠᠯᠢᠭ ᠪᠠᠶᠢᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠰᠠᠶᠢᠨ ᠢᠯᠡᠳᠬᠡᠯ ᠪᠣᠯᠵᠠᠶ᠃ ᠮᠡᠳᠡᠭᠦᠯᠦᠯᠲᠡ ᠶᠢᠨ ᠭᠤᠤᠯ ᠰᠡᠳᠦᠪ ᠢᠯᠡ ᠲᠣᠳᠣ ᠪᠠᠶᠢᠵᠤ᠂ ︿ᠣᠳᠣᠬᠢᠴᠢᠯᠠᠭᠰᠠᠨ ᠡᠵᠡᠨ ᠬᠤᠷᠤᠭ᠎ᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ﹀ ᠶᠡᠷᠦᠩᠬᠡᠶ ᠬᠠᠷᠠᠯᠲᠠ ᠶᠢ ᠳᠤᠷᠠᠳᠴᠤ᠂ ᠮᠡᠳᠡᠭᠦᠯᠦᠯᠲᠡ ᠶᠢᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠲᠠᠪᠤᠨ ᠪᠣᠳᠠᠲᠠᠶ ᠬᠠᠷᠠᠯᠲᠠ ᠶᠢ ᠳᠤᠷᠠᠳᠴᠠᠶ᠃ ᠡᠨᠡ ᠪᠣᠯ ᠪᠥᠬᠦ ᠬᠤᠰᠢᠭᠤᠨ ᠤ ᠠᠵᠢᠯ ᠢ ᠵᠢᠯᠣᠭᠤᠳᠬᠤ ᠠᠵᠢᠯᠯᠠᠭᠠᠨ ᠤ ᠬᠥᠲᠥᠯᠪᠦᠷᠢ ᠮᠥᠨ᠂ ᠮᠡᠳᠡᠭᠦᠯᠦᠯᠲᠡ ᠶᠢᠨ ᠠᠷᠭ᠎ᠠ ᠬᠡᠮᠵᠢᠶ᠎ᠡ ᠨᠢ ᠬᠦᠴᠦᠲᠡᠶ᠂ ᠠᠤᠭ᠎ᠠ ᠲᠥᠰᠦᠪ ᠢ ᠵᠢᠷᠤᠭᠯᠠᠬᠤ ᠳᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠲᠠᠢ ᠮᠥᠷᠲᠡᠭᠡᠨ ᠪᠠᠰᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠠᠷᠭ᠎ᠠ ᠬᠡᠮᠵᠢᠶ᠎ᠡ ᠨᠢ ᠯᠠᠪᠳᠠᠭᠤᠨ ᠬᠦᠴᠦᠲᠡᠶ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠪᠢᠳᠡ ᠮᠠᠨ ᠤ ᠬᠤᠰᠢᠭᠤᠨ ᠤ ᠬᠥᠭᠵᠢᠯᠲᠡ ᠪᠠ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠥᠭᠵᠢᠯᠲᠡ ᠶᠢ ᠠᠬᠢᠭᠤᠯᠬᠤ ᠪᠣᠳᠠᠲᠤ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃ ᠨᠢᠭᠡ ᠳᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ︿ᠨᠢᠭᠡᠳᠦᠭᠡᠷ ᠭᠠᠷᠳᠠᠴᠠ﹀ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠵᠤ ᠠᠬᠤᠢ ᠶᠢᠨ ᠬᠥᠭᠵᠢᠯᠲᠡ ᠶᠢᠨ ︿ᠨᠢᠭᠡᠳᠦᠭᠡᠷ ᠬᠥᠳᠡᠯᠭᠡᠬᠦ ᠬᠦᠴᠦᠨ﹀ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠢᠭᠡ ᠪᠦᠯᠦᠭ ᠰᠠᠶᠢᠨ ᠲᠦᠷᠦᠯ ᠵᠦᠢᠯ ᠲᠤᠮᠤ ᠲᠦᠷᠦᠯ ᠵᠦᠢᠯ ᠢ ᠣᠷᠣᠭᠤᠯᠤᠨ ᠠᠪᠴᠢᠷᠠᠨ᠎ᠠ᠃ ᠬᠤᠶᠠᠷ ᠲᠤ᠂ ᠶᠡᠭᠡ ᠬᠦᠴᠦ ᠣᠷᠣᠭᠤᠯᠵᠤ ᠪᠠᠶᠢᠭᠠᠳ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠵᠤ᠂ ᠲᠤᠭ᠎ᠠ ᠪᠠᠷᠢᠮᠲᠠ ᠶᠢᠨ ︿ᠭᠦᠶᠦᠬᠦ﹀᠎ ᠪᠠᠷ ᠤᠯᠠᠨ ᠲᠦᠮᠡᠨ ᠤ ︿ᠭᠦᠶᠦᠬᠦ﹀᠎ ᠶᠢ ᠣᠷᠣᠯᠠᠭᠤᠯᠤᠨ᠎ᠠ᠃ ᠭᠤᠷᠪᠠ ᠳᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ︿ᠬᠤᠶᠠᠷ ᠥᠨᠳᠥᠷ﹀ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠬᠦᠷᠡᠰᠦᠳᠦ᠋ᠷᠦᠭᠴᠢ ᠭᠠᠳᠠᠭᠰᠢᠯᠠᠭᠤᠯᠬᠤ ᠶᠢ ᠵᠦᠭᠰᠢᠷᠡᠬᠦᠯᠦᠨ ᠨᠠᠮᠳᠠᠭᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠦᠨᠡᠨ ᠬᠦ ᠠᠬᠢᠭᠤᠯᠤᠨ᠎ᠠ᠃ ᠳᠥᠷᠪᠡ ᠳᠤ ᠠᠵᠤ ᠦᠢᠯᠡᠰ ᠤᠨ ᠬᠥᠭᠵᠢᠯᠲᠡ ᠶᠢ ᠴᠢᠩᠭ᠎ᠠ ᠠᠳᠬᠤᠵᠤ᠂ ᠨᠡᠭᠦᠷᠡᠰᠦᠨ ᠤ ᠠᠮᠤᠷ ᠲᠦᠪᠰᠢᠨ ᠠᠷᠢᠭᠤᠨ ᠴᠡᠪᠡᠷ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠶᠤᠨᠴᠢ᠂ ᠪᠣᠬᠢᠷᠲᠤᠯ ᠥᠬᠡᠶ᠂ ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ︾ ᠭᠡᠪᠡ᠃
ᠢᠷᠡᠯᠲᠡ᠄ ᠲᠤᠰ ᠰᠦᠯᠵᠢᠶ᠎ᠡ