ᠨᠠᠮ ᠤᠨ ᠲᠥᠯᠥᠭᠡᠯᠡᠭᠴᠢ ᠣᠣ ᠶᠤᠸᠠᠨ
ᠨᠡᠶᠢᠲᠡᠯᠡᠭᠰᠡᠨ ᠴᠠᠭ᠄
2021/11/24
   
     ᠨᠠᠮ ᠤᠨ ᠲᠥᠯᠥᠭᠡᠯᠡᠭᠴᠢ ᠡᠪ ᠬᠠᠮᠲᠤ ᠵᠠᠯᠠᠭᠤᠴᠤᠳ ᠤᠨ ᠡᠪᠯᠡᠯ ᠤᠨ ᠡᠵᠡᠨ ᠬᠤᠷᠤᠭ᠎ᠠ ᠬᠤᠰᠢᠭᠤᠨ ᠤ ᠬᠤᠷᠢᠶᠠᠨ ᠤ ᠱᠦᠵᠢ  ᠣᠣ ᠶᠤᠸᠠᠨ᠄ ︽ᠢᠯᠡᠳᠬᠡᠯ ᠨᠢ ᠲᠥᠪ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠶᠡᠭᠡ ᠬᠠᠨᠳᠤᠰᠢ ᠶᠢ ᠴᠢᠩᠭ᠎ᠠ ᠳᠠᠭᠠᠵᠤ᠂ ᠡᠵᠡᠨ ᠬᠤᠷᠤᠭ᠎ᠠ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠨᠠᠮ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠪᠣᠯᠤᠭᠰᠠᠨ ᠢᠶᠠᠨ ᠭᠦᠨ ᠮᠡᠳᠡᠷᠡᠬᠦ ᠶᠢᠨ ᠬᠠᠮᠲᠤ᠂ ᠨᠡᠩ ᠴᠤ ᠣᠮᠤᠭ ᠲᠡᠭᠦᠯᠳᠡᠷ᠂ ᠢᠲᠡᠭᠡᠯ ᠲᠡᠭᠦᠯᠳᠡᠷ ᠪᠠᠶᠢᠨ᠎ᠠ᠃      ᠨᠠᠮ ᠤᠨ ᠲᠤᠭ ᠪᠣᠯ ᠡᠪᠯᠡᠯ ᠤᠨ ᠲᠤᠭ ᠤᠨ ᠴᠢᠭᠯᠡᠯ᠃ ᠡᠪ ᠬᠠᠮᠲᠤ ᠵᠠᠯᠠᠭᠤᠴᠤᠳ ᠤᠨ ᠡᠪᠯᠡᠯ ᠨᠢ ᠨᠠᠮ ᠤᠨ ᠬᠠᠪᠰᠤᠷᠤᠭᠴᠢ ᠪᠠ ᠪᠡᠯᠡᠳᠬᠡᠯ ᠴᠡᠷᠢᠭ ᠪᠣᠯᠤᠭᠰᠠᠨ ᠤ ᠬᠤᠪᠢ ᠳᠤ᠂ ᠪᠢᠳᠡ ᠨᠠᠮ ᠤᠨ ᠤᠷᠢᠶᠠᠯᠠᠭ᠎ᠠ ᠶᠢ ᠢᠮᠠᠭᠲᠠ ᠪᠠᠷᠢᠮᠲᠠᠯᠠᠵᠤ᠂ ᠬᠤᠷᠢᠶᠠᠨ ᠤ ᠠᠵᠢᠯᠯᠠᠭ᠎ᠠ᠂ ︿ᠨᠠᠮ ᠤᠨ ᠪᠠᠶᠢᠭᠤᠯᠤᠯᠲᠠ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ﹀ ᠵᠢᠯᠣᠭᠤᠳᠣᠯᠭ᠎ᠠ ᠪᠠ ᠳᠠᠭᠠᠭᠤᠯᠭ᠎ᠠ ᠳᠤᠤᠷ᠎ᠠ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢᠨ ᠲᠣᠭᠤᠷᠢᠨ ᠳᠤ᠂ ᠴᠢᠳᠠᠪᠤᠷᠢᠲᠠᠨ ᠢ ᠲᠠᠲᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠭᠤᠤᠯᠳᠠᠯᠭ᠎ᠠ ᠲᠠᠢ ᠠᠵᠢᠯ᠂ ᠨᠠᠮ ᠤᠨ ᠲᠥᠯᠥᠭᠡ ᠰᠠᠨᠠᠭᠠᠰᠢᠷᠠᠬᠤ ᠭᠠᠷᠳᠠᠬᠤ ᠴᠡᠭ ᠪᠠ ᠬᠦᠴᠦᠯᠡᠬᠦ ᠴᠡᠭ ᠢ ᠰᠠᠨᠠᠭᠠᠴᠢᠯᠠᠭ᠎ᠠ ᠠᠴᠠ ᠪᠠᠨ ᠡᠷᠢᠪᠡ᠂ ᠬᠤᠰᠢᠭᠤ ᠨᠠᠮ ᠤᠨ ᠬᠤᠷᠢᠶᠠᠨ ᠤ ᠵᠠᠯᠠᠭᠤᠴᠤᠳ ᠲᠠᠢ ᠬᠠᠷᠢᠯᠴᠠᠵᠤ ᠦᠢᠯᠡᠴᠢᠯᠡᠬᠦ ᠬᠥᠭᠦᠷᠭᠡ ᠬᠤᠯᠪᠣᠭᠠᠰᠤ ᠪᠣᠯᠵᠣ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠤᠨ᠎ᠠ᠂ ᠨᠠᠮ ᠢᠶᠠᠨ ᠳᠠᠭᠠᠵᠤ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠵᠠᠯᠠᠭᠤᠴᠤᠳ ᠢ ᠵᠣᠬᠢᠶᠠᠨ ᠪᠠᠶᠢᠭᠤᠯᠵᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠭᠤᠤᠯ ᠲᠡᠶᠢᠨ ᠤ ᠲᠠᠯᠠᠪᠤᠷ ᠲᠤ ᠢᠳᠡᠪᠬᠢᠲᠡᠶ ᠣᠷᠣᠯᠴᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠨᠡᠶᠢᠭᠡᠮ ᠳᠠᠬᠢ ᠣᠷᠣᠰᠢᠬᠤ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠯᠠᠭᠤᠴᠤᠳ ᠤᠨ ᠳᠤᠮᠳᠠᠬᠢ ᠨᠥᠯᠥᠭᠡᠯᠡᠬᠦ ᠬᠦᠴᠦᠨ᠂ ᠶᠡᠭᠡ ᠲᠠᠯ᠎ᠠ ᠳᠤ ᠬᠤᠪᠢ ᠨᠡᠮᠡᠷᠢ ᠦᠵᠡᠭᠦᠯᠬᠦ ᠬᠡᠮᠵᠢᠶ᠎ᠡ᠂ ᠣᠳᠣᠬᠢᠴᠢᠯᠠᠭᠰᠠᠨ ᠡᠵᠡᠨ ᠬᠤᠷᠤᠭ᠎ᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠵᠠᠯᠠᠭᠤ ᠨᠠᠰᠤᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠦᠶ᠎ᠡ  ︾᠃
ᠢᠷᠡᠯᠲᠡ᠄ ᠲᠤᠰ ᠰᠦᠯᠵᠢᠶ᠎ᠡ