| ᠨᠠᠮ ᠤᠨ ᠲᠥᠯᠥᠭᠡᠯᠡᠭᠴᠢ᠂ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠨᠠᠮ ᠤᠨ ᠳᠤᠭᠤᠶᠢᠯᠠᠩ ᠤᠨ ᠱᠦᠵᠢ᠂ | ᠲᠡᠷᠢᠭᠦᠯᠡᠭᠴᠢ ᠯᠢ ᠯᠢ᠄ ᠬᠤᠸᠠ ᠱᠦᠵᠢ ᠶᠢᠨ ᠮᠡᠳᠡᠭᠦᠯᠦᠯᠲᠡ ᠶᠢᠨ ᠭᠤᠤᠯ ᠰᠡᠳᠦᠪ ᠢᠯᠡ ᠲᠣᠳᠣ᠂ ᠰᠡᠳᠬᠢᠴᠡ ᠲᠣᠳᠣᠷᠬᠠᠶ᠂ ᠠᠭᠤᠯᠭ᠎ᠠ ᠪᠣᠳᠠᠲᠠᠶ᠂ ᠠᠷᠭ᠎ᠠ | ᠬᠡᠮᠵᠢᠶ᠎ᠡ ᠬᠦᠴᠦᠲᠡᠶ᠂ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠡᠷᠴᠢ ᠵᠣᠷᠢᠭ ᠢ ᠬᠥᠪᠴᠢᠯᠡᠭᠰᠡᠨ ᠰᠠᠶᠢᠨ ᠮᠡᠳᠡᠭᠦᠯᠦᠯᠲᠡ᠂ ᠮᠠᠨ ᠤ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠵᠠᠯᠠᠭᠤᠷ ᠮᠥᠨ᠂ ᠰᠢᠨ᠎ᠡ ᠲᠠᠪᠤᠨ ᠵᠢᠯ ᠤᠨ ᠠᠶᠠᠯᠠᠯ ᠡᠬᠢᠯᠡᠬᠦ ᠲᠠᠭᠠᠷᠢᠯᠲᠠ ᠶᠢᠨ ᠲᠡᠮᠳᠡᠭ | ᠮᠥᠨ᠂ ᠬᠤᠶᠢᠰᠢᠳᠠ ᠶᠢᠨ ᠡᠮᠡᠭᠲᠡᠶᠢᠴᠦᠳ ᠬᠡᠦᠬᠡᠳ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠨᠠᠮ ᠤᠨ ᠲᠥᠯᠥᠭᠡᠯᠡᠭᠴᠢ | ᠪᠣᠯᠤᠭᠰᠠᠨ ᠤ ᠬᠤᠪᠢ ᠳᠤ᠂ ︿ᠨᠠᠮ ᠵᠠᠰᠠᠭ ᠤᠨ ᠪᠠᠴᠢᠮ ᠱᠠᠭᠠᠷᠳᠠᠯᠭ᠎ᠠ᠂ ᠡᠮᠡᠭᠲᠡᠶᠢᠴᠦᠳ ᠤᠨ ᠬᠡᠷᠡᠭᠴᠡᠭᠡ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ | ᠴᠢᠳᠠᠪᠤᠷᠢ﹀ ᠶᠢᠨ ᠠᠵᠢᠯ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ︿ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠶᠢᠴᠢᠯᠠᠬᠤ᠂ | ᠡᠮᠡᠭᠲᠡᠶᠢᠴᠦᠳ ᠤᠨ ᠪᠠᠶᠢᠭᠤᠯᠤᠯᠲᠠ ᠶᠢᠨ ᠲᠠᠯ᠎ᠠ ᠪᠠᠷ ᠨᠠᠮ ᠤᠨ ᠪᠠᠶᠢᠭᠤᠯᠤᠯᠲᠠ ᠳᠤ ᠦᠢᠯᠡᠴᠢᠯᠡᠬᠦ﹀ ᠪᠠᠷ ᠵᠣᠷᠢᠯᠲᠠ ᠪᠣᠯᠭᠠᠵᠤ᠂ ᠡᠮᠡᠭᠲᠡᠶᠢᠴᠦᠳ ᠤᠨ ᠬᠤᠯᠪᠤᠭᠠᠳᠤ | ᠬᠤᠷᠠᠯ ᠤᠨ ᠵᠣᠬᠢᠶᠠᠨ ᠪᠠᠶᠢᠭᠤᠯᠤᠯᠲᠠ ᠶᠢᠨ ︿ᠬᠤᠯᠪᠣᠭ᠎ᠠ﹀ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠨᠠᠮ ᠤᠨ ᠡᠮᠡᠭᠲᠡᠶᠢᠴᠦᠳ ᠲᠠᠢ ᠬᠠᠷᠢᠯᠴᠠᠬᠤ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ | ᠣᠳᠣᠬᠢᠴᠢᠯᠠᠭᠰᠠᠨ ᠡᠵᠡᠨ ᠬᠤᠷᠤᠭ᠎ᠠ ᠶᠢ ᠬᠦᠴᠦᠯᠡᠨ ᠪᠥᠲᠥᠭᠡᠨ ᠪᠠᠶᠢᠭᠤᠯᠬᠤ ᠳᠤ ᠡᠮᠡᠭᠲᠡᠶᠢᠴᠦᠳ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ | ᠨᠢᠭᠡ ᠳᠤ᠂ ︿ᠭᠠᠷᠮᠠᠭᠠᠢ ᠡᠮᠡᠭᠲᠡᠶᠢᠴᠦᠳ ᠨᠠᠮ ᠢᠶᠠᠨ ᠳᠠᠭᠠᠬᠤ﹀ ᠪᠠᠷ ᠵᠣᠭᠰᠣᠴᠠ ᠪᠣᠯᠭᠠᠵᠤ᠂ ᠡᠮᠡᠭᠲᠡᠶᠢᠴᠦᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ | ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠡᠯᠪᠡᠭ ᠪᠠᠶᠠᠯᠢᠭ ᠠᠭᠤᠯᠭ᠎ᠠ ᠲᠠᠢ᠂ ᠡᠮᠡᠭᠲᠡᠶᠢᠴᠦᠳ ᠰᠤᠷᠭᠠᠨ ᠬᠥᠮᠦᠵᠢᠯ ᠢ ᠪᠠᠶᠠᠷ ᠴᠡᠩᠭᠡᠯ ᠳᠤ | ᠠᠬᠤᠭᠤᠯᠤᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠡᠮᠡᠭᠲᠡᠶᠢᠴᠦᠳ ᠢ ᠬᠦᠳᠦᠯᠥᠨ ᠳᠠᠭᠠᠭᠤᠯᠵᠤ ᠨᠠᠮ ᠤᠨ ᠦᠭᠡ ᠶᠢ ᠰᠣᠨᠣᠰᠤᠨ | ᠨᠠᠮ ᠢᠶᠠᠨ ᠳᠠᠭᠠᠬᠤ ᠪᠣᠯᠭᠠᠨ᠎ᠠ︔ ᠬᠤᠶᠠᠷ ᠲᠤ᠂ ︿ᠭᠠᠷᠮᠠᠭᠠᠢ ᠡᠮᠡᠭᠲᠡᠶᠢᠴᠦᠳ ᠰᠢᠨ᠎ᠡ ᠭᠠᠪᠢᠶ᠎ᠠ ᠪᠠᠶᠢᠭᠤᠯᠬᠤ﹀ ᠪᠠᠷ ᠭᠠᠷᠳᠠᠴᠠ ᠪᠣᠯᠭᠠᠵᠤ᠂ ︿ᠡᠮᠡᠭᠲᠡᠶᠢᠴᠦᠳ ᠤᠨ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯᠯᠠᠭ᠎ᠠ﹀ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠩ ᠣᠯᠠᠨ ᠡᠮᠡᠭᠲᠡᠶᠢᠴᠦᠳ ᠲᠤ ᠠᠵᠢᠯ ᠣᠯᠭᠤᠬᠤ ᠲᠠᠪᠴᠠᠩ | ᠬᠠᠩᠭᠠᠵᠤ ᠨᠠᠩ ᠣᠯᠠᠨ ᠠᠵᠢᠯ ᠤᠯᠬᠤ ᠴᠢᠳᠠᠪᠤᠷᠢ ᠶᠢ ᠡᠵᠡᠮᠰᠢᠭᠦᠯᠦᠨ᠎ᠡ︔ ᠭᠤᠷᠪᠠ ᠳᠤ᠂ ︿ᠭᠠᠷᠮᠠᠭᠠᠢ ᠡᠮᠡᠭᠲᠡᠶᠢᠴᠦᠳ ᠤᠨ ᠰᠠᠶᠢᠨ ᠰᠠᠶᠢᠬᠠᠨ ᠬᠡᠷ ᠤᠨ ᠰᠤᠷᠲᠠᠯ﹀ | ᠢᠶᠠᠷ ᠬᠦᠴᠦᠯᠡᠬᠦ ᠴᠡᠭ ᠪᠣᠯᠭᠠᠵᠤ᠂ ︿ᠠᠶᠢᠯ ᠪᠣᠯᠭᠠᠨ ᠵᠣᠯ ᠵᠢᠷᠭᠠᠯ ᠲᠠᠢ ᠠᠮᠤᠷ ᠠᠮᠤᠭᠤᠯᠠᠩ ᠤᠨ ᠢᠨᠵᠧᠨᠧᠷᠢᠩ﹀ ᠢ ᠦᠷᠭᠦᠯᠵᠢᠯᠡᠨ ᠥᠷᠨᠢᠭᠦᠯᠵᠦ᠂ ︿ᠬᠠᠮᠤᠭ ᠤᠨ | ᠭᠤᠶᠣ ᠬᠡᠷ ᠪᠦᠯᠢ﹀ ᠶᠢ ᠡᠷᠢᠬᠦ ᠠᠵᠢᠯᠯᠠᠭ᠎ᠠ ᠶᠢ ᠥᠷᠭᠡᠳᠬᠡᠵᠦ᠂ ᠲᠣᠭᠤᠷᠢᠨ ᠶᠠᠷᠢᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ︔ ᠳᠥᠷᠪᠡ ᠳᠤ᠂ ︿ | ᠡᠮᠡᠭᠲᠡᠶᠢᠴᠦᠳ ᠤᠨ ᠰᠡᠳᠬᠢᠯ ᠢ ᠳᠤᠯᠠᠭᠠᠴᠠᠭᠤᠯᠬᠤ﹀ ᠪᠠᠷ ᠵᠠᠩᠭᠢᠯᠠᠭ᠎ᠠ ᠶᠢᠨ ᠴᠡᠭ ᠪᠣᠯᠭᠠᠵᠤ᠂ ᠳᠤᠮᠳᠠᠳᠤ ᠤᠯᠤᠰ ᠤᠨ ᠬᠥᠮᠦᠰ ᠤᠨ ᠰᠡᠳᠬᠢᠯ ᠢ ᠳᠤᠯᠠᠭᠠᠴᠠᠭᠤᠯᠬᠤ | ᠢᠨᠵᠧᠨᠧᠷᠢᠩ ᠢ ᠬᠡᠷᠡᠭᠵᠢᠭᠦᠯᠵᠦ᠂ ︿ᠬᠠᠤᠯᠢ ᠲᠦᠷᠢᠮ ᠤᠨ ᠳᠤᠮᠳᠠᠳᠤ ᠤᠯᠤᠰ ᠤᠨ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ﹀ ᠠᠵᠢᠯᠯᠠᠭ᠎ᠠ ᠶᠢ ᠪᠠᠶᠢᠩᠭᠤ | ᠠᠬᠢᠭᠤᠯᠵᠤ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠬᠡᠦᠬᠡᠳ ᠢ ᠪᠥᠬᠦ ᠬᠦᠴᠦᠨ ᠢᠶᠠᠷ ᠢᠶᠠᠨ ᠠᠪᠤᠷᠠᠨ ᠲᠤᠰᠠᠯᠠᠬᠤ ᠪᠠ ᠬᠠᠯᠠᠮᠵᠢᠯᠠᠵᠤ᠂ ᠡᠮᠡᠭᠲᠡᠶ ᠰᠠᠶᠢᠨ | ᠲᠤᠷᠠᠴᠤᠳ ᠤᠨ ᠠᠵᠢᠯ ᠢ ᠥᠷᠭᠡᠨ ᠢᠶᠠᠷ ᠥᠷᠨᠢᠭᠦᠯᠦᠨ᠎ᠡ︔ ᠲᠠᠪᠤ ᠳᠤ᠂ ︿ᠭᠠᠷᠮᠠᠭᠠᠢ ᠡᠮᠡᠭᠲᠡᠶᠢᠴᠦᠳ ᠤᠨ ᠰᠠᠭᠤᠷᠢ ᠶᠢ ᠴᠢᠩᠭᠠᠳᠬᠠᠬᠤ﹀ ᠪᠠᠷ ᠲᠤᠯᠭᠠᠭᠤᠷᠢᠯᠠᠬᠤ | ᠴᠡᠭ ᠪᠣᠯᠭᠠᠵᠤ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠥᠭᠡᠷᠡᠴᠢᠯᠡᠯᠲᠡ ᠶᠢ ᠠᠬᠢᠭᠤᠯᠵᠤ᠂ ᠡᠮᠡᠭᠲᠡᠶᠢᠴᠦᠳ ᠤᠨᠬᠤᠯᠪᠤᠭᠠᠳᠤ ᠬᠤᠷᠠᠯ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠪᠠᠬᠢᠵᠢᠭᠦᠯᠵᠦ᠂ ᠡᠮᠡᠭᠲᠡᠶᠢᠴᠦᠳ ᠲᠠᠢ ᠨᠢᠭᠲᠠ ᠬᠠᠷᠢᠯᠴᠠᠬᠤ ᠪᠠ ᠪᠦᠲᠦᠮᠵᠢᠲᠡᠢ ᠦᠢᠯᠡᠴᠢᠯᠡᠬᠦ ᠶᠢ ᠬᠠᠮᠤᠭ ᠤᠨ ᠶᠡᠭᠡ | ᠬᠡᠮᠵᠢᠶ᠎ᠡ ᠪᠠᠷ ᠪᠡᠶᠡᠯᠡᠭᠦᠯᠦᠨ᠎ᠡ᠃ | | | | |