ᠡᠵᠡᠨ ᠬᠤᠷᠤᠭ᠎ᠠ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ ᠪᠠᠢ ᠰᠢᠶᠤᠤ ᠯᠦᠩ
ᠨᠡᠶᠢᠲᠡᠯᠡᠭᠰᠡᠨ ᠴᠠᠭ᠄
2021/11/24
     ᠨᠠᠮ ᠤᠨ ᠲᠥᠯᠥᠭᠡᠯᠡᠭᠴᠢ ᠡᠵᠡᠨ ᠬᠤᠷᠤᠭ᠎ᠠ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ ᠪᠠᠢ ᠰᠢᠶᠤᠤ ᠯᠦᠩ᠄ ᠬᠤᠸᠠ ᠱᠦᠵᠢ ᠶᠢᠨ ᠬᠢᠭᠰᠡᠨ ᠮᠡᠳᠡᠭᠦᠯᠦᠯᠲᠡ ᠨᠢ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠭᠤᠣᠯ ᠠᠮᠵᠢᠯᠲᠠ ᠪᠠ ᠦᠨᠳᠦᠰᠦᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠮᠠᠨ ᠤ ᠬᠤᠰᠢᠭᠤᠨ ᠤ ᠣᠳᠣᠬᠠᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠠᠵᠠ ᠲᠣᠬᠢᠶᠠᠯ ᠪᠠ ᠥᠷᠢᠰᠥᠯᠳᠦᠭᠡᠨ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠵᠠᠳᠠᠯᠵᠤ᠂ ᠢᠷᠡᠭᠡᠳᠦᠢ ᠶᠢᠨ ᠲᠠᠪᠤᠨ ᠵᠢᠯ ᠤᠨ ᠪᠦᠬᠦ ᠬᠤᠰᠢᠭᠤᠨ ᠤ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠵᠢᠴᠢ ᠭᠤᠣᠯ ᠡᠭᠦᠷᠭᠡ ᠪᠠ ᠠᠷᠭ᠎ᠠ ᠠᠪᠴᠠᠯ ᠢ ᠲᠣᠭᠲᠠᠭᠠᠪᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡ ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠣᠳᠣᠬᠢᠴᠢᠯᠠᠭᠰᠠᠨ ᠡᠵᠡᠨ ᠬᠤᠷᠤᠭ᠎ᠠ ᠶᠢ ᠪᠥᠲᠥᠭᠡᠨ ᠪᠠᠶᠢᠭᠤᠯᠬᠤ ᠲᠡᠮᠡᠴᠡᠬᠦ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠨᠠᠩ ᠪᠠᠲᠤ ᠪᠠᠬᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠨ᠎ᠠ᠃      ᠨᠢᠭᠡ ᠳᠤ ᠡᠯ᠎ᠡ ᠵᠦᠢᠯ ᠤᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠣᠯᠤᠨ ᠭᠤᠣᠯᠳᠠᠯᠭ᠎ᠠ ᠲᠠᠢ ᠪᠠᠶᠢᠴᠠᠭᠠᠯᠲᠠ ᠶᠢᠨ ᠠᠵᠢᠯ ᠢ ᠲᠦᠷᠭᠡᠳᠬᠡᠨ ᠠᠬᠢᠭᠤᠯᠤᠨ᠎ᠠ ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠲᠣᠭᠠᠴᠠᠭ᠎ᠠ ᠬᠢᠬᠦ᠂ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠠᠤᠯᠢ ᠶᠢᠨ ᠡᠷᠬᠡᠲᠡᠨ ᠤ ᠨᠢᠭᠡᠴᠡ ᠪᠣᠯᠤᠨ ᠠᠵᠤ ᠦᠢᠯᠡᠰ ᠤᠨ ᠠᠵᠢᠯᠯᠠᠭᠠᠨ ᠤ ᠨᠢᠭᠡᠴᠡ ᠶᠢᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢ ᠬᠠᠮᠲᠤ ᠳᠤᠨᠢ ᠴᠢᠬᠤᠯᠠᠴᠢᠯᠠᠬᠤ ᠶᠢ ᠲᠦᠯᠬᠢᠨ ᠠᠬᠢᠭᠤᠯᠵᠤ᠂ ᠠᠵᠢᠯ ᠣᠯᠭᠤᠯᠲᠠ ᠠᠵᠢᠯ ᠠᠯᠳᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠠᠭᠤᠭᠠᠯᠢ ᠠᠷᠠᠳ ᠤᠨ ᠬᠡᠷᠡᠭᠯᠡᠭᠡ ᠪᠣᠯᠤᠨ ᠣᠷᠣᠯᠭ᠎ᠠ ᠵᠠᠷᠤᠯᠭ᠎ᠠ ᠶᠢᠨ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠡᠨᠧᠷᠭᠢ ᠶᠢᠨ ᠬᠡᠷᠡᠭᠯᠡᠭᠡᠨ ᠤ ᠲᠣᠭᠠᠴᠠᠭ᠎ᠠ ᠬᠢᠬᠦ ᠠᠷᠭ᠎ᠠ ᠶᠢ ᠲᠡᠭᠦᠯᠳᠡᠷᠵᠢᠭᠦᠯᠵᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠭ᠎ᠠ ᠪᠦᠷᠢᠳᠬᠡᠯ ᠢ ᠴᠢᠩᠭᠠᠳᠬᠠᠨ᠎ᠠ᠃ ᠬᠤᠶᠠᠷ ᠲᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠪᠣᠯᠤᠨ ᠴᠢᠬᠤᠯᠠ ᠲᠤᠭ᠎ᠠ ᠪᠠᠷᠢᠮᠲᠠ ᠶᠢ ᠬᠦᠴᠦ ᠪᠠᠨ ᠲᠥᠪᠯᠡᠷᠡᠭᠦᠯᠦᠨ ᠪᠠᠶᠢᠴᠠᠭᠠᠵᠤ᠂ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠲᠠᠢ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠨᠡᠶᠢᠲᠡ ᠳᠤ ᠢᠲᠡᠭᠡᠭᠦᠯᠬᠦ ᠬᠦᠴᠦᠨ ᠢ ᠴᠢᠷᠮᠠᠶᠢᠨ ᠳᠡᠭᠡᠭᠰᠢᠯᠡᠭᠦᠯᠤᠨ᠎ᠡ᠃ ᠭᠤᠷᠪᠠ ᠳᠤ ᠲᠤᠭ᠎ᠠ ᠪᠦᠷᠢᠳᠬᠡᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠲᠠᠢ ᠨᠢᠭᠲᠠ ᠤᠶᠠᠯᠳᠤᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ︽ᠭᠤᠷᠪᠠᠨ ᠰᠢᠨ᠎ᠡ︾ ᠠᠵᠤ ᠠᠬᠤᠶ᠂ ᠠᠷᠠᠳ ᠤᠨ ᠡᠵᠡᠩᠨᠡᠯᠲᠡ ᠶᠢᠨ ᠠᠵᠤ ᠠᠬᠤᠶ ᠵᠡᠷᠭᠡ ᠲᠤᠭ᠎ᠠ ᠪᠦᠷᠢᠳᠬᠡᠯ ᠤᠨ ᠬᠦᠢᠴᠡᠳᠬᠡᠯ ᠲᠤᠭ᠎ᠠ ᠶᠢᠨ ᠬᠢᠨᠠᠨ ᠬᠡᠮᠵᠢᠯᠲᠡ ᠲᠠᠢ ᠤᠶᠠᠯᠳᠤᠭᠤᠯᠤᠨ᠂ ᠴᠢᠨᠠᠷ ᠰᠠᠶᠢᠲᠠᠶ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠦᠢᠴᠡᠳᠬᠡᠯ ᠲᠤᠭ᠎ᠠ ᠶᠢᠨ ᠬᠢᠨᠠᠨ ᠬᠡᠮᠵᠢᠯᠲᠡ ᠶᠢᠨ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠠᠭ ᠲᠤᠬᠠᠶ ᠳᠤᠨᠢ ᠥᠷᠨᠢᠭᠦᠯᠵᠦ᠂ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠬᠢᠴᠠ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠠᠮᠤᠭ ᠤᠨ ᠰᠢᠨ᠎ᠡ ᠦᠢᠯᠡᠳᠦᠯᠬᠡ ᠶᠢ ᠣᠨᠣᠪᠴᠢᠲᠠᠶ ᠢᠯᠡᠷᠡᠭᠦᠯᠤᠨ᠎ᠠ᠃ ᠳᠥᠷᠪᠡ ᠳᠤ ᠲᠤᠭ᠎ᠠ ᠪᠦᠷᠢᠳᠬᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠤᠨ ᠬᠠᠮᠢᠶᠠᠷᠬᠤ ᠠᠷᠭ᠎ᠠ︾᠎ ᠶᠢᠨ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠬᠤᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠢᠶᠠᠨ ᠪᠥᠬᠦ ᠲᠠᠯ᠎ᠠ ᠪᠠᠷ ᠴᠢᠩᠭ᠎ᠠ ᠵᠠᠰᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠲᠤᠭ᠎ᠠ ᠪᠦᠷᠢᠳᠬᠡᠯ ᠤᠨ ᠺᠠᠳ᠋ᠷ ᠤᠨ ᠡᠩᠨᠡᠭᠡ ᠶᠢ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠡᠯ᠎ᠡ ᠲᠦᠷᠦᠯ ᠤᠨ ᠡᠭᠦᠷᠭᠡ ᠶᠢ ᠡᠷᠡᠰ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃
ᠢᠷᠡᠯᠲᠡ᠄ ᠲᠤᠰ ᠰᠦᠯᠵᠢᠶ᠎ᠡ