ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠬᠤᠤ ᠹᠸᠢ ᠯᠦᠩ
ᠨᠡᠶᠢᠲᠡᠯᠡᠭᠰᠡᠨ ᠴᠠᠭ᠄
2021/11/24
     11 ᠰᠠᠷ᠎ᠠ ᠶᠢᠨ 8᠎ ᠤ ᠡᠳᠦᠷ ᠠᠴᠠ 11᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠡᠭᠡᠵᠢᠩ ᠳᠤ ᠬᠤᠷᠠᠯᠳᠤᠵᠤ᠂ ᠬᠤᠷᠠᠯ ᠠᠴᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃ ᠡᠵᠡᠨ ᠬᠤᠷᠤᠭ᠎ᠠ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠡᠭᠡᠳᠦ ᠬᠡᠮᠵᠢᠶ᠎ᠡ ᠪᠠᠷ ᠠᠩᠬᠠᠷᠴᠤ᠂ ᠴᠢᠩᠭ᠎ᠠ ᠲᠤᠰᠬᠠᠯ ᠭᠠᠷᠭᠠᠵᠤ᠂ ᠣᠯᠠᠨ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ  ᠪᠠᠶᠢᠭᠤᠯᠤᠭᠳᠠᠭᠰᠠᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠴᠣᠭᠴᠠᠯᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠵᠣᠷᠢᠭᠲᠠᠶ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ ᠭᠡᠵᠦ ᠰᠠᠨᠠᠯ ᠨᠢᠭᠡᠲᠡᠶ ᠢᠯᠡᠳᠬᠡᠵᠡᠭᠡᠪᠡ᠃
     ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠬᠤᠤ ᠹᠸᠢ ᠯᠦᠩ᠄      ︽ᠵᠠᠭᠤᠨ ᠵᠢᠯ ᠪᠣᠯ ᠶᠠᠭ ᠴᠤᠭ ᠪᠠᠳᠠᠷᠠᠩᠭᠤᠢ ᠴᠠᠭ ᠦᠶ᠎ᠡ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠨᠢ ᠠᠯᠤᠰ ᠬᠡᠲᠦ ᠶᠢᠨ ᠠᠴᠢ ᠬᠤᠯᠪᠣᠭᠳᠠᠯ ᠲᠠᠢ ᠪᠠᠶᠢᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡ ᠶᠢ ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠪᠡᠶ᠎ᠡ ᠪᠠᠨ ᠪᠠᠷᠢᠵᠤ ᠤᠯᠠᠨ ᠤ ᠲᠥᠯᠥᠭᠡ ᠵᠢᠳᠬᠦᠵᠦ᠂ ᠬᠠᠷᠠᠮ ᠦᠭᠡᠢ ᠵᠤᠷᠢᠭᠤᠯᠤᠨ᠎ᠠ᠃ ︿ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠬᠤ ᠥᠬᠡᠶ᠂ ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ﹀᠂ ᠣᠯᠠᠨ ᠲᠦᠮᠡᠨ ᠤ ᠠᠰᠢᠭ ᠲᠤᠰᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠵᠤ᠂ ᠣᠯᠠᠨ ᠲᠦᠮᠡᠨ ᠳᠤ ᠨᠠᠩ ᠣᠯᠠᠨ᠂ ᠨᠠᠩ ᠰᠢᠭᠤᠳ᠂ ᠨᠠᠩ ᠪᠣᠳᠠᠲᠠᠶ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠣᠯᠭᠤᠵᠤ ᠂ ︿ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ﹀᠎ ᠶᠢ ᠦᠨᠡᠨ ᠬᠦ ᠪᠡᠶᠡᠯᠡᠭᠦᠯᠵᠦ᠂ ᠠᠮᠤᠷ ᠠᠮᠤᠭᠤᠯᠠᠩ ᠡᠵᠡᠨ ᠬᠤᠷᠤᠭ᠎ᠠ ᠶᠢ ᠪᠠᠲᠤᠯᠠᠨ ᠬᠠᠮᠠᠭᠠᠯᠠᠵᠤ᠂ ᠨᠠᠮ ᠪᠠ ᠠᠷᠠᠳ ᠲᠦᠮᠡᠨ ᠤ ᠦᠢᠯᠡᠰ ᠲᠤ ᠥᠪᠡᠷ ᠤᠨ ᠬᠤᠪᠢ ᠨᠡᠮᠡᠷᠢ ᠪᠠᠨ ᠦᠵᠡᠭᠦᠯᠤᠨ᠎ᠡ︾ ᠬᠡᠪᠡ᠃
ᠢᠷᠡᠯᠲᠡ᠄ ᠲᠤᠰ ᠰᠦᠯᠵᠢᠶ᠎ᠡ