| | | | ᠡᠵᠡᠨ ᠬᠤᠷᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠯᠲᠠᠨᠪᠤᠤ᠄ | ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ | ᠵᠠᠮ ᠨᠡᠭᠡᠭᠡᠬᠦ ᠠᠭᠤᠤ ᠶᠡᠭᠡ ᠡᠭᠦᠷᠭᠡ ᠶᠢ ᠡᠭᠦᠷᠭᠡᠯᠡᠵᠦ ᠪᠠᠶᠢᠨ᠎ᠠ᠃ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ | ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠪᠣᠳᠠᠲᠤ ᠪᠠᠶᠢᠳᠠᠯ ᠤᠨ ᠳᠤᠮᠳᠠ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠪᠣᠯ ᠲᠡᠷᠢᠭᠦᠨ ᠴᠢᠬᠤᠯᠠ | ᠡᠭᠦᠷᠭᠡ ᠪᠣᠯᠬᠤ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠪᠣᠯᠭᠠᠬᠤ ᠶᠢ | ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠪᠥᠬᠦ ᠪᠠᠯᠭᠠᠰᠤ ᠪᠠᠷ ᠢᠶᠠᠨ ᠦᠵᠡᠯ ᠤᠬᠠᠮᠰᠠᠷ ᠢ ᠴᠢᠩᠭᠠᠳᠬᠠᠵᠤ᠂ ᠬᠥᠳᠡᠭᠡ | ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠥᠬᠡᠶ ᠤᠷᠤᠭᠰᠢᠯᠠᠬᠤ ᠶᠢ ᠠᠬᠢᠭᠤᠯᠵᠤ᠂ ︿ᠬᠤᠤᠰ ᠵᠠᠭᠤᠨ ᠵᠢᠯ﹀ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠡᠵᠡᠨ | ᠬᠤᠷᠤᠭ᠎ᠠ ᠪᠠᠯᠭᠠᠰᠤᠨ ᠤ ᠬᠦᠴᠦᠨ ᠴᠢᠳᠠᠯ ᠢᠶᠠᠨ ᠡᠷᠭᠦᠨ᠎ᠡ︕︾ ᠬᠡᠪᠡ᠃ |