| | | | ᠬᠤᠨᠢᠴᠢᠨ ᠭᠤᠤᠯ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠯᠸᠢ ᠸᠧᠨ ᡁᠢ᠄ | ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠲᠠᠮᠵᠢᠨ᠂ ᠪᠢ | ᠲᠠᠪᠤᠨ ᠲᠠᠯ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠢ ᠣᠶᠢᠯᠠᠭᠠᠪᠠ᠂ ᠨᠠᠮ ᠤᠨ | ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠃ ᠪᠢ ᠶᠡᠬᠡᠳᠡ ᠵᠣᠷᠢᠭᠵᠢᠭᠤᠯᠤᠯ ᠪᠠ ᠰᠡᠩᠬᠡᠷᠡᠭᠦᠯᠦᠯ ᠣᠯᠵᠤ᠂ ᠦᠨᠳᠦᠰᠦᠨ ᠱᠠᠲᠤᠨ ᠤ ᠺᠠᠳ᠋ᠷ | ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠳᠤᠮᠳᠠ ᠪᠠᠨ ᠪᠢ ᠲᠡᠭᠦᠨ ᠢ ᠲᠤᠬᠠᠶᠢᠯᠠᠭᠰᠠᠨ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠬᠦᠰᠡᠯᠡᠩ | ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ | ᠤᠨᠤᠯ ᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠤᠶᠤᠨ ᠰᠠᠨᠠᠭ᠎ᠠ ᠪᠠᠨ ᠵᠡᠪᠰᠡᠭᠯᠡᠬᠦ ᠶᠢ ᠴᠥᠬᠦᠷᠡᠰᠢ ᠦᠭᠡᠢ | ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠦᠵᠡᠯ ᠰᠠᠨᠠᠭ᠎ᠠ ᠶᠢ ᠣᠨᠣᠪᠴᠢᠲᠠᠢ ᠤᠶᠢᠯᠠᠭᠠᠵᠤ᠂ ᠰᠠᠭᠤᠭᠠᠯᠢ | ᠠᠷᠠᠳ ᠲᠤ ᠰᠢᠯᠢᠳᠡᠭ ᠦᠢᠯᠡᠴᠢᠯᠡᠭᠡ ᠬᠠᠩᠭᠠᠵᠤ᠂ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠵᠤ᠂ ᠴᠠᠭ | ᠦᠶ᠎ᠡ ᠶᠢᠨ ᠬᠤᠰᠢᠭᠤᠴᠢ ᠪᠣᠯᠬᠤ ᠪᠠᠷ ᠴᠢᠷᠮᠠᠶᠢᠨ᠎ᠠ︾ ᠬᠡᠪᠡ᠃ | | | | |