ᠰᠢᠨ ᠪᠸᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠾᠧ ᠵᠢᠶᠠ
ᠨᠡᠶᠢᠲᠡᠯᠡᠭᠰᠡᠨ ᠴᠠᠭ᠄
2021/11/24
     
ᠠᠯᠳᠠᠨᠰᠢᠷᠡᠭᠡ ᠪᠠᠯᠭᠠᠰᠤᠨ ᠤ ᠰᠢᠨ ᠪᠸᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠾᠧ ᠵᠢᠶᠠ᠄      ︽ᠨᠡᠶᠢᠭᠡᠮ ᠲᠣᠭᠤᠷᠢᠭ ᠨᠢ ᠬᠠᠮᠤᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠰᠠᠭᠤᠭᠠᠯᠢ ᠠᠷᠠᠳ ᠲᠤ ᠰᠠᠶᠢᠲᠤᠷ ᠦᠢᠯᠡᠴᠢᠯᠡᠵᠦ᠂ ᠰᠠᠶᠢᠲᠤᠷ ᠬᠠᠯᠠᠮᠵᠢᠯᠠᠵᠤ᠂ ᠨᠠᠮ ᠪᠣᠯᠤᠨ ᠵᠠᠰᠠᠭ ᠤᠨ ᠣᠷᠳᠣᠨ ᠢ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠰᠠᠶᠢᠨ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠢ ᠦᠷᠭᠦᠯᠵᠢᠯᠡᠨ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠥᠬᠡᠶ ᠲᠡᠮᠡᠴᠡᠬᠦ ᠬᠡᠷᠡᠭᠲᠡᠶ︾ ᠬᠡᠪᠡ᠃
ᠢᠷᠡᠯᠲᠡ᠄ ᠲᠤᠰ ᠰᠦᠯᠵᠢᠶ᠎ᠡ