ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠸᠠᠩ ᠸᠠᠨ ᠾᠧ
ᠨᠡᠶᠢᠲᠡᠯᠡᠭᠰᠡᠨ ᠴᠠᠭ᠄
2021/11/24
     11 ᠰᠠᠷ᠎ᠠ ᠶᠢᠨ 8᠎ ᠤ ᠡᠳᠦᠷ ᠠᠴᠠ 11᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠡᠭᠡᠵᠢᠩ ᠳᠤ ᠬᠤᠷᠠᠯᠳᠤᠵᠤ᠂ ᠬᠤᠷᠠᠯ ᠠᠴᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃ ᠡᠵᠡᠨ ᠬᠤᠷᠤᠭ᠎ᠠ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠡᠭᠡᠳᠦ ᠬᠡᠮᠵᠢᠶ᠎ᠡ ᠪᠠᠷ ᠠᠩᠬᠠᠷᠴᠤ᠂ ᠴᠢᠩᠭ᠎ᠠ ᠲᠤᠰᠬᠠᠯ ᠭᠠᠷᠭᠠᠵᠤ᠂ ᠣᠯᠠᠨ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ  ᠪᠠᠶᠢᠭᠤᠯᠤᠭᠳᠠᠭᠰᠠᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠴᠣᠭᠴᠠᠯᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠵᠣᠷᠢᠭᠲᠠᠶ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ ᠭᠡᠵᠦ ᠰᠠᠨᠠᠯ ᠨᠢᠭᠡᠲᠡᠶ ᠢᠯᠡᠳᠬᠡᠵᠡᠭᠡᠪᠡ᠃
ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠸᠠᠩ ᠸᠠᠨ ᠾᠧ᠄      ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠤᠭᠲᠤᠬᠤ ᠲᠤᠩᠬᠠᠭ ᠪᠢᠴᠢᠭ ᠪᠠ ᠵᠦᠭᠯᠡᠭᠦᠷ ᠮᠥᠨ᠃ ᠮᠠᠨ ᠤ ᠡᠪ ᠬᠠᠮᠲᠤᠴᠤᠳ ᠠᠷᠠᠳ ᠲᠦᠮᠡᠨ ᠳᠤ ᠦᠢᠯᠡᠴᠢᠯᠡᠬᠦ ᠶᠠᠪᠤᠳᠠᠯ ᠳᠠᠭᠤᠰᠤᠰᠢ ᠦᠭᠡᠢ ᠶᠤᠮ᠂ ᠪᠢᠳᠡ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠵᠤ᠂ ᠨᠠᠮ ᠤᠨ ᠠᠭᠤᠤ ᠶᠡᠭᠡ ᠬᠤᠪᠢᠰᠬᠠᠯᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠢᠮᠠᠭᠲᠠ ᠨᠠᠮ ᠤᠨ ᠤᠷᠢᠶᠠᠯᠠᠭ᠎ᠠ ᠶᠢ ᠳᠠᠭᠠᠵᠤ᠂ ᠠᠷᠠᠳ ᠲᠦᠮᠡᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ︾ ᠬᠡᠪᠡ᠃
ᠢᠷᠡᠯᠲᠡ᠄ ᠲᠤᠰ ᠰᠦᠯᠵᠢᠶ᠎ᠡ