ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ 2020 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠭᠠᠳᠠᠭᠰᠢ ᠦᠢᠯᠡᠳᠦᠯᠭᠡᠵᠢᠭᠦᠯᠦᠨ ᠲᠣᠭᠤᠷᠢᠨ ᠦᠵᠡᠭᠦᠯᠪᠡ
ᠨᠡᠶᠢᠲᠡᠯᠡᠭᠰᠡᠨ ᠴᠠᠭ᠄
2021/11/25
ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ 2020 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠭᠠᠳᠠᠭᠰᠢ ᠦᠢᠯᠡᠳᠦᠯᠭᠡᠵᠢᠭᠦᠯᠦᠨ ᠲᠣᠭᠤᠷᠢᠨ ᠦᠵᠡᠭᠦᠯᠪᠡ        ᠡᠵᠡᠨ ᠬᠤᠷᠤᠭ᠎ᠠ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠦᠷ᠎ᠡ ᠪᠦᠲᠦᠮᠵᠢ ᠶᠢ ᠤᠯᠠᠮ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠮᠡᠳᠡᠯᠭᠡ ᠶᠢᠨ ᠬᠠᠷᠠᠭ᠎ᠠ ᠶᠢ ᠥᠷᠭᠡᠳᠬᠡᠨ᠂ ᠦᠢᠯᠡᠳᠪᠦᠷᠢᠯᠡᠯ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ ᠰᠢᠨᠡᠳᠬᠡᠵᠦ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠶᠢᠨ ᠲᠡᠷᠢᠭᠦᠨ ᠤ ᠲᠤᠷᠰᠢᠯᠭ᠎ᠠ ᠪᠠ ᠰᠢᠨ᠎ᠡ ᠮᠡᠷᠭᠡᠵᠢᠯ ᠢ ᠰᠤᠷᠤᠯᠴᠠᠬᠤ ᠶᠢᠨ ᠲᠥᠯᠥᠭᠡ᠂ 9 ᠰᠠᠷ᠎ᠠ ᠶᠢᠨ 16᠎ ᠤ ᠡᠳᠦᠷ ᠠᠴᠠ 18᠎ ᠤ ᠡᠳᠦᠷ ᠪᠣᠯᠲᠠᠯ᠎ᠠ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠮᠠᠯᠴᠢᠨ ᠲᠠᠷᠢᠶᠠᠴᠢᠨ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠤᠨ ᠲᠠᠰᠤᠭ ᠡᠵᠡᠨ ᠬᠤᠷᠤᠭ᠎ᠠ ᠬᠤᠰᠢᠭᠤᠨ ᠤ 2020 ᠣᠨ ᠤ ᠬᠡᠰᠡᠭ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠵᠣᠬᠢᠶᠠᠨ ᠪᠠᠶᠢᠭᠤᠯᠵᠤ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤ ᠪᠣᠯᠤᠨ ᠯᠢᠨ ᠾᠧ ᠲᠣᠭᠤᠷᠢᠭ ᠤᠨ ᠦᠢᠯᠡᠳᠦᠯᠭᠡ ᠳᠤ ᠲᠣᠭᠤᠷᠢᠨ ᠦᠵᠡᠵᠦ ᠰᠤᠷᠤᠯᠴᠠᠵᠠᠶ᠃      ᠲᠣᠭᠤᠷᠢᠨ ᠦᠵᠡᠵᠦ ᠰᠤᠷᠤᠯᠴᠠᠬᠤ ᠶᠠᠪᠤᠴᠠ ᠳᠤ᠂ ᠡᠵᠡᠨ ᠬᠤᠷᠤᠭ᠎ᠠ ᠬᠤᠰᠢᠭᠤᠨ ᠤ ᠥᠷᠭᠡᠨ ᠣᠯᠠᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ  ᠲᠠᠶᠢᠯᠤᠮᠵᠢ ᠰᠣᠨᠣᠰᠬᠤ᠂ ᠲᠤᠬᠠᠶ ᠶᠢᠨ ᠭᠠᠵᠠᠷ ᠢ ᠦᠵᠡᠬᠦ᠂ ᠲᠤᠰᠬᠠᠶ ᠮᠡᠷᠭᠡᠵᠢᠯᠲᠡᠨ ᠲᠠᠢ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ᠂ ᠦᠢᠯᠡᠳᠪᠦᠷᠢᠯᠡᠯ ᠤᠨ ᠮᠡᠷᠭᠡᠵᠢᠯ ᠪᠠ ᠳᠠᠪᠠᠭᠤᠯᠢᠭ ᠲᠥᠷᠥᠯ ᠵᠦᠢᠯ ᠶᠢ ᠰᠢᠩᠭᠡᠭᠡᠨ ᠠᠪᠴᠤ᠂ ᠲᠣᠰ ᠪᠡᠶ᠎ᠡ ᠶᠢᠨ ᠬᠦᠷᠦᠯᠴᠡᠬᠦ ᠥᠬᠡᠶ ᠲᠠᠯ᠎ᠠ ᠪᠠ ᠵᠥᠷᠢᠶ᠎ᠡ ᠪᠠᠨ ᠣᠯᠵᠤ ᠲᠠᠨᠢᠪᠠ᠃ ᠣᠯᠠᠨ ᠢᠶᠠᠷ ᠢᠶᠠᠨ᠂ ᠰᠣᠷᠣᠭᠰᠠᠨ ᠮᠡᠷᠭᠡᠵᠢᠯ ᠤᠨ ᠣᠶᠢᠯᠠᠭᠠᠭᠳᠠᠬᠤᠨ ᠢᠶᠠᠨ ᠥᠪᠡᠷ ᠤᠨ ᠪᠣᠳᠠᠲᠠᠶ ᠠᠵᠤ ᠦᠢᠯᠡᠰ ᠲᠠᠢ ᠪᠠᠨ ᠪᠥᠬᠦ ᠲᠠᠯ᠎ᠠ ᠪᠠᠷ ᠠᠭᠤᠰᠤᠯᠴᠠᠭᠤᠯᠵᠤ᠂ ᠢᠯᠠᠩᠭᠤᠶ᠎ᠠ ᠬᠡᠷᠬᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠢᠨ᠎ᠡ ᠮᠡᠷᠭᠡᠵᠢᠯ ᠢ ᠬᠤᠪᠢᠷᠠᠭᠤᠯᠤᠨ ᠬᠡᠷᠡᠭᠯᠡᠬᠦ᠂ ᠰᠢᠨ᠎ᠡ ᠵᠠᠭᠪᠤᠷ ᠢᠶᠠᠷ ᠲᠣᠯᠢ ᠪᠣᠯᠭᠠᠨ ᠰᠤᠷᠤᠯᠴᠠᠬᠤ ᠳᠡᠭᠡᠷ᠎ᠡ ᠬᠦᠴᠦ ᠣᠷᠣᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠵᠦ ᠤᠯᠤᠰ ᠲᠤ ᠠᠰᠢᠭᠲᠠᠶ ᠠᠷᠠᠳ ᠲᠤ ᠠᠰᠢᠭᠲᠠᠶ ᠪᠣᠯᠭᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号