ᠡᠵᠡᠨ ᠬᠤᠷᠤᠭ᠎ᠠ ᠬᠤᠰᠢᠭᠤᠨ ᠤ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠠᠮᠢᠶ᠎ᠠ ᠪᠥᠬᠦᠶ ᠠᠵᠢᠯᠲᠠᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2021/11/25
     2021 ᠣᠨ ᠤ 10 ᠰᠠᠷ᠎ᠠ ᠶᠢᠨ 9᠎ ᠤ ᠦᠳᠡ ᠶᠢᠨ ᠡᠮᠦᠨ᠎ᠡ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠠᠮᠢᠶ᠎ᠠ ᠪᠥᠬᠦᠶ ᠠᠵᠢᠯᠲᠠᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃      ᠡᠯ᠎ᠡ ᠪᠠᠯᠭᠠᠰᠤᠨ ᠤ ᠡᠯ᠎ᠡ ᠲᠣᠰᠬᠤᠨ ︵ᠨᠡᠶᠢᠭᠡᠮ ᠲᠣᠭᠤᠷᠢᠭ︶᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠬᠤᠰᠢᠭᠤᠨ ᠰᠢᠭᠤᠳ ᠬᠠᠷᠢᠶ᠎ᠠ ᠡᠯ᠎ᠡ ᠡᠮᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠯ᠎ᠡ ᠡᠷᠡᠭᠦᠯ ᠬᠠᠮᠠᠭᠠᠯᠠᠯ ᠤᠨ ᠬᠤᠷᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠡᠭᠡᠭᠡᠪᠦᠷᠢᠯᠡᠨ ᠬᠦᠷᠭᠡᠬᠦ᠂ ᠥᠯᠢᠭᠡᠷ ᠶᠠᠩᠵᠤ ᠠᠪᠬᠤ ᠵᠢᠴᠢ ᠪᠤᠰᠤᠳ ᠬᠠᠮᠢᠶ᠎ᠠ ᠪᠥᠬᠦᠶ ᠮᠡᠷᠭᠡᠵᠢᠯ ᠤᠨ ᠠᠵᠢᠯᠲᠠᠨ ᠨᠡᠶᠢᠲᠡ 400 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠤᠨ ᠬᠤᠷᠠᠯ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠧᠢ ᠹᠧᠩ ᠡᠷᠬᠢᠯᠡᠪᠡ᠃      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠮᠠᠨ ᠤ ᠬᠤᠰᠢᠭᠤᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠥᠯᠢᠭᠡᠷ ᠠᠪᠬᠤ ᠶᠠᠪᠤᠴᠠ ᠶᠢ ᠵᠢᠷᠤᠮᠵᠢᠭᠤᠯᠵᠤ᠂ ᠰᠢᠯᠭᠠᠨ ᠪᠠᠶᠢᠴᠠᠭᠠᠬᠤ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠮᠡᠷᠭᠡᠵᠢᠯ ᠴᠢᠳᠠᠪᠤᠷᠢ ᠪᠠ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠶᠡᠭᠡ ᠬᠡᠪᠴᠢᠶ᠎ᠡ ᠪᠠᠷ ᠥᠷᠨᠢᠭᠦᠯᠬᠦ ᠳᠤ ᠰᠠᠭᠤᠷᠢ ᠲᠠᠯᠪᠢᠵᠤ᠂ ᠬᠢᠵᠢᠭ ᠢ ᠪᠠᠶᠢᠩᠭᠤ ᠰᠡᠷᠭᠡᠶᠢᠯᠡᠨ ᠡᠵᠡᠮᠳᠡᠬᠦ ᠳᠤ ᠬᠦᠴᠦᠨ ᠨᠥᠭᠡᠴᠡᠯᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号