ᠬᠤᠲᠠ ᠬᠤᠰᠢᠭᠤ ᠬᠤᠶᠠᠷ ᠱᠠᠲᠤᠨ ᠤ ᠵᠠᠬ ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠳᠡᠯᠡᠬᠡᠶ ᠶᠢᠨ ᠪᠠᠷᠢᠮᠵᠢᠶ᠎ᠠ ᠶᠢᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/11/25
     10 ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨ᠎ᠠ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠪᠠᠷᠢᠮᠵᠢᠶ᠎ᠠ ᠪᠠᠷ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠨᠠᠩ ᠰᠠᠶᠢᠨ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪᠲᠦ ᠳᠡᠯᠡᠬᠡᠶ ᠶᠢᠨ ᠪᠠᠷᠢᠮᠵᠢᠶ᠎ᠠ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ᠃    ᠤᠬᠠᠭᠤᠯᠭ᠎ᠠ  ᠪᠠᠷ ᠳᠠᠮᠵᠢᠨ ᠪᠥᠬᠦ ᠠᠷᠠᠳ ᠤᠨ ᠪᠠᠷᠢᠮᠵᠢᠶᠠᠵᠢᠭᠤᠯᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠢᠮᠵᠢᠶᠠᠵᠢᠭᠤᠯᠬᠤ ᠨᠥᠯᠥᠭᠡ ᠶᠢ ᠥᠷᠭᠡᠳᠬᠡᠨ᠂ ᠪᠠᠷᠢᠮᠵᠢᠶᠠᠵᠢᠭᠤᠯᠬᠤ ᠠᠵᠢᠯ ᠤᠨ ᠬᠥᠭᠵᠢᠯᠲᠡ ᠶᠢ ᠠᠬᠢᠭᠤᠯᠵᠤ᠂ ᠪᠠᠷᠢᠮᠵᠢᠶᠠᠵᠢᠭᠤᠯᠬᠤ ᠠᠵᠢᠯᠯᠠᠭ᠎ᠠ ᠶᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠩ ᠣᠯᠠᠨ ᠬᠥᠮᠦᠨ ᠳᠤ ᠪᠠᠷᠢᠮᠵᠢᠶ᠎ᠠ ᠨᠢ ᠳᠠᠷᠤᠶ ᠡᠳᠦᠷ ᠲᠤᠲᠤᠮ ᠤᠨ ᠠᠮᠢᠳᠤᠷᠠᠯ ᠳᠤᠮᠳᠠ ᠪᠠᠶᠢᠬᠤ ᠶᠢ ᠣᠶᠢᠯᠠᠭᠠᠭᠤᠯᠤᠨ᠂ ᠣᠯᠠᠨ ᠨᠡᠶᠢᠲᠡ ᠶᠢᠨ ᠪᠠᠷᠢᠮᠵᠢᠶ᠎ᠠ ᠶᠢᠨ ᠦᠨᠳᠦᠰᠦᠨ ᠮᠡᠳᠡᠯᠭᠡ ᠶᠢ ᠠᠰᠢᠭᠯᠠᠨ ᠲᠣᠰ ᠪᠡᠶ᠎ᠡ ᠶᠢᠨ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠬᠠᠯᠠᠮᠵᠢᠯᠠᠬᠤ ᠪᠠᠷᠢᠮᠵᠢᠶ᠎ᠠ᠂ ᠪᠠᠷᠢᠮᠵᠢᠶ᠎ᠠ ᠶᠢ ᠴᠢᠬᠤᠯᠠᠴᠢᠯᠠᠬᠤ᠂ ᠪᠠᠷᠢᠮᠵᠢᠶ᠎ᠠ ᠶᠢ ᠬᠡᠷᠡᠭᠯᠡᠬᠦ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号