ᠡᠵᠡᠨ ᠬᠤᠷᠤᠭ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠲᠠᠢ ᠬᠠᠮᠲᠤᠷᠠᠨ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠴᠠᠭᠠᠨ ᠬᠡᠮᠵᠢᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/11/25
     ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠨᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠬᠠᠮᠲᠤᠷᠠᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠵᠦ ᠪᠠᠶᠢᠴᠠᠭᠠᠨ ᠬᠡᠮᠵᠢᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠰᠠᠶᠢᠨ ᠳᠤᠷ᠎ᠠ ᠠᠴᠠ ᠪᠠᠨ ᠪᠷᠦ᠋ᠼᠧᠯ ᠡᠪᠡᠳᠴᠢᠨ ᠳᠤ ᠪᠠᠶᠢᠴᠠᠭᠠᠯᠲᠠ ᠬᠢᠬᠦ ᠪᠠᠷ ᠢᠷᠡᠭᠰᠡᠨ ᠲᠣᠰᠬᠤᠨ ᠤ ᠠᠷᠠᠳ ᠲᠤ ᠴᠢᠰᠤ ᠠᠪᠬᠤ ᠪᠠᠶᠢᠴᠠᠭᠠᠯᠲᠠ ᠬᠢᠵᠦ᠂ ᠲᠣᠰᠬᠤᠨ ᠤ ᠠᠷᠠᠳ ᠲᠤ ᠳᠥᠭᠦᠮ ᠪᠥᠭᠡᠳ ᠬᠡᠷᠡᠭᠯᠡᠭᠡᠨ ᠤ ᠪᠷᠦ᠋ᠼᠧᠯ ᠡᠪᠡᠳᠴᠢᠨ ᠢ ᠤᠬᠠᠭᠤᠯᠬᠤ ᠬᠤᠷᠮᠦ᠋ᠢᠪᠴᠢ᠂ ᠭᠠᠷ ᠤᠭᠤᠲᠠ ᠵᠡᠷᠭᠡ ᠡᠳ᠋ ᠪᠣᠳᠠᠰ ᠲᠠᠷᠬᠠᠭᠠᠬᠤ ᠶᠢᠨ ᠬᠠᠮᠲᠤ᠂ ᠲᠣᠰᠬᠤᠨ ᠤ ᠠᠷᠠᠳ ᠲᠤ ᠪᠷᠦ᠋ᠼᠧᠯ ᠡᠪᠡᠳᠴᠢᠨ ᠤ ᠬᠤᠤᠷ ᠬᠥᠨᠥᠭᠡᠯ ᠪᠠ ᠬᠠᠯᠳᠠᠪᠤᠷᠢᠯᠠᠬᠤ ᠠᠷᠭ᠎ᠠ ᠵᠠᠮ ᠢ ᠲᠠᠶᠢᠯᠪᠤᠷᠢᠯᠠᠵᠤ᠂ ᠲᠣᠰᠬᠤᠨ ᠤ ᠠᠷᠠᠳ ᠤᠨ ᠪᠷᠦ᠋ᠼᠧᠯ ᠡᠪᠡᠳᠴᠢᠨ ᠤ ᠲᠤᠬᠠᠶ ᠲᠠᠨᠢᠯᠲᠠ ᠪᠠ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠳᠤ ᠴᠢᠬᠤᠯᠠ ᠬᠢᠴᠢᠶᠡᠯ ᠣᠷᠣᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号