ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
ᠨᠡᠶᠢᠲᠡᠯᠡᠭᠰᠡᠨ ᠴᠠᠭ᠄
2021/11/25
 ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ    ᠨᠢᠭᠡᠳᠦᠭᠡᠷ ᠵᠤᠷᠪᠤᠰ   ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ︽ᠡᠵᠡᠨ ᠬᠤᠷᠤᠭ᠎ᠠ ᠬᠤᠰᠢᠭᠤᠨ ᠤ ᠪᠦᠲᠦᠴᠡ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠡᠵᠡᠨ ᠬᠤᠷᠤᠭ᠎ᠠ ᠬᠤᠰᠢᠭᠤᠨ ᠤ ᠳᠠᠷᠤᠮᠠᠯᠯᠠᠨ ᠲᠠᠷᠬᠠᠭᠠᠭᠰᠠᠨ ︽ᠡᠵᠡᠨ ᠬᠤᠷᠤᠭ᠎ᠠ ᠬᠤᠰᠢᠭᠤᠨ ᠤ ᠪᠦᠲᠦᠴᠡ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠤᠷᠪᠤᠰ   ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠳᠣᠷᠣᠭᠰᠢ ᠬᠤᠰᠢᠭᠤ ᠦᠨᠳᠦᠰᠦᠲᠡᠨ ᠤ ᠵᠥᠪᠯᠡᠯ ᠭᠡᠵᠦ ᠲᠣᠪᠴᠢᠯᠠᠨ᠎ᠠ︶ ᠪᠣᠯ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠰᠠᠯᠠᠭ᠎ᠠ ᠶᠢᠨ ᠲᠠᠰ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠳᠠᠷᠠᠭᠠᠯᠠᠯ ᠳᠤ ᠵᠢᠭᠰᠠᠭᠠᠨ᠎ᠠ᠃ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠶᠢ ᠡᠯᠭᠦᠵᠦ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠳᠤ ᠬᠠᠷᠢᠶᠠᠯᠠᠭᠤᠯᠤᠨ᠎ᠠ᠃     ᠭᠤᠷᠪᠠᠳᠤᠭᠠᠷ ᠵᠤᠷᠪᠤᠰ   ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠵᠣ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠦᠨᠳᠦᠰᠦᠲᠡᠨ ᠤ ᠠᠵᠢᠯ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠰᠢᠭᠤᠨ ᠤ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠥᠷᠦ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠤᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠤ ᠳᠤᠮᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠤᠴᠢᠷ ᠶᠠᠪᠤᠳᠠᠯ ᠢ ᠬᠢᠨᠠᠯᠲᠠ ᠲᠠᠯᠪᠢᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃      ︵ᠭᠤᠷᠪᠠ︶ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠦ ᠪᠠᠶᠢᠭ᠎ᠠ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠦᠢᠯᠡᠰ ᠤᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠮᠳᠠᠭᠤᠯᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠦᠢᠴᠡᠳᠬᠡᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠥᠭᠡᠨ ᠲᠣᠭᠠᠲᠤ ᠦᠨᠳᠦᠰᠦᠲᠡᠨ ᠤ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠢᠶᠠᠷ ᠲᠤᠰᠠᠯᠠᠬᠤ ᠪᠠ ᠠᠵᠤ ᠠᠬᠤᠶ ᠮᠡᠷᠭᠡᠵᠢᠯ ᠤᠨ ᠬᠠᠮᠳᠤᠷᠠᠯᠴᠠᠭ᠎ᠠ᠂ ᠦᠨᠳᠦᠰᠦᠲᠡᠨ ᠤ ᠬᠤᠳᠠᠯᠳᠤᠭ᠎ᠠ᠂ ᠦᠨᠳᠦᠰᠦᠲᠡᠨ ᠤ ᠣᠨᠴᠠ ᠬᠡᠷᠡᠭᠰᠡᠬᠦ ᠲᠠᠸᠠᠷ ᠤᠨ ᠦᠢᠯᠡᠳᠪᠦᠷᠢᠯᠡᠯ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠬᠤ ᠵᠡᠷᠭᠡ ᠠᠵᠢᠯ ᠳᠤ ᠤᠷᠤᠯᠴᠠᠨ ᠵᠤᠬᠢᠴᠠᠭᠤᠯᠤᠨ᠎ᠠ᠃ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠪᠠ ᠮᠣᠩᠭᠤᠯ ᠬᠡᠯᠡᠨ ᠤ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃      ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠶ ᠲᠦᠷᠦᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠲᠤᠭᠳᠠᠯᠴᠠᠭ᠎ᠠ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠵᠤᠷᠢᠭᠵᠢᠭᠤᠯᠬᠤ ᠠᠵᠢᠯᠯᠠᠭ᠎ᠠ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠭᠠᠭᠠᠴᠢᠯᠠᠨ ᠡᠷᠬᠢᠯᠡᠨ᠎ᠡ᠃       ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠲᠥᠯᠥᠪᠵᠢᠭᠦᠯᠭᠡ᠂ ᠵᠢᠯᠤᠭᠤᠳᠤᠯᠭ᠎ᠠ ᠪᠠ ᠬᠢᠨᠠᠯᠲᠠ ᠬᠠᠮᠢᠶᠠᠷᠤᠯᠳᠠ ᠎ ᠶᠢᠨ ᠠᠵᠢᠯ ᠢ ᠡᠭᠦᠷᠭᠡᠯᠡᠨ᠎ᠡ᠃ ᠨᠡᠶᠢᠬᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠢᠨᠠᠯᠲᠠ ᠬᠠᠮᠢᠶᠠᠷᠤᠯᠳᠠ ᠶᠢᠨ ᠠᠵᠢᠯ ᠢ ᠡᠭᠦᠷᠭᠡᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠣᠯᠤᠨ ᠦᠨᠳᠦᠰᠦᠲᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃      ︵ᠳᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠪᠠ ᠰᠢᠶᠠᠩᠭᠠᠩ ᠣᠣᠮᠧᠨ ᠲᠠᠶᠢᠸᠠᠨ ᠲᠠᠢ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃      ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ  ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃      ︵ᠶᠢᠰᠦ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠳᠥᠷᠪᠡᠳᠦᠭᠡᠷ ᠵᠤᠷᠪᠤᠰ     ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠣᠲᠣᠭᠠᠳᠤ ᠪᠠᠶᠢᠭᠤᠯᠤᠮᠵᠢ᠄      ︵ᠨᠢᠭᠡ︶ ᠠᠯᠪᠠᠨ ᠭᠡᠷ᠃      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ ᠪᠠᠴᠢᠮ ᠪᠠᠶᠢᠳᠠᠯ ᠢ ᠠᠷᠭᠠᠴᠠᠬᠤ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠬᠦᠯᠢᠶᠡᠨ ᠠᠪᠬᠤ᠂ ᠡᠳ᠋ ᠤᠨ ᠶᠠᠪᠤᠳᠠᠯ᠂ ᠬᠤᠳᠠᠯᠳᠤᠨ ᠠᠪᠬᠤ᠂ ᠮᠠᠰᠢᠨ ᠲᠡᠷᠬᠡᠨ ᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠬᠢᠵᠢᠯᠳᠠ ᠶᠢᠨ ᠪᠠᠶᠢᠭᠤᠯᠤᠯᠲᠠ᠂ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠬᠤᠷᠠᠯ ᠤᠨ ᠠᠵᠢᠯᠯᠠᠭ᠎ᠠ ᠶᠢᠨ ᠬᠠᠮᠢᠶᠠᠷᠤᠯᠲᠠ ᠪᠠ ᠴᠢᠬᠤᠯᠠ ᠬᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠪᠣᠯᠤᠨ ᠬᠠᠷᠢᠶ᠎ᠠ ᠨᠢᠬᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ ᠤᠨ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠬᠡᠴᠢ ᠶᠢᠨ  ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ︔ ᠨᠢᠬᠡᠴᠢ ᠶᠢᠨ ᠴᠢᠬᠤᠯᠠ ᠬᠤᠷᠠᠯ ᠢᠶᠠᠷ ᠲᠣᠭᠲᠠᠭᠠᠭᠰᠠᠨ ᠶᠠᠪᠤᠳᠠᠯ ᠵᠢᠴᠢ ᠤᠳᠤᠷᠢᠳᠤᠯᠭ᠎ᠠ ᠶᠢᠨ ᠪᠠᠷ ᠲᠤᠰᠢᠶᠠᠭᠰᠠᠨ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠠᠷᠢᠭᠤᠴᠠᠨ ᠬᠦᠢᠴᠡᠳᠬᠡᠨ᠎ᠡ︔ ᠭᠡᠰᠢᠭᠦᠨ ᠤ ᠲᠤᠰᠢᠶᠠᠯ ᠬᠠᠪᠰᠤᠷᠭᠠᠭᠰᠠᠨ ᠨᠢᠬᠡᠴᠢ ᠲᠠᠢ ᠬᠠᠷᠢᠯᠴᠠᠬᠤ ᠪᠣᠳᠠᠲᠠᠶ ᠠᠵᠢᠯ ᠢ ᠬᠠᠷᠢᠭᠤᠴᠠᠨ᠎ᠠ︔ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠬᠤ ᠪᠣᠳᠠᠲᠠᠢ ᠠᠵᠢᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠵᠦ ᠰᠤᠷᠭᠠᠨ ᠬᠥᠮᠦᠵᠢᠭᠦᠯᠬᠦ᠂ ᠰᠤᠩᠭᠤᠨ ᠳᠡᠪᠰᠢᠭᠦᠯᠵᠦ ᠲᠠᠨᠢᠯᠴᠠᠭᠤᠯᠬᠤ ᠠᠵᠢᠯ ᠢ ᠲᠠᠭᠠᠭᠠᠴᠢᠯᠠᠨ ᠬᠦᠢᠴᠡᠳᠬᠡᠬᠦ ᠳᠤ ᠣᠷᠣᠯᠴᠠᠨ᠎ᠠ ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠶᠠᠪᠤᠳᠠᠯ ᠢ ᠬᠠᠷᠢᠭᠤᠴᠠᠨ᠎ᠠ᠃ ᠦᠨᠳᠦᠰᠦᠲᠡᠨ ᠤ ᠪᠤᠰᠤᠳ ᠠᠵᠢᠯ᠂ ᠴᠥᠭᠡᠨ ᠲᠣᠭᠠᠲᠤ ᠦᠨᠳᠦᠰᠦᠲᠡᠨ ᠤ ᠴᠢᠬᠤᠯᠠ ᠶᠡᠭᠡ ᠰᠡᠷᠭᠡᠭ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠠᠰᠠᠭᠤᠳᠠᠯ ᠢ ᠰᠢᠢᠳᠪᠦᠷᠢᠯᠡᠬᠦ ᠠᠵᠢᠯ᠂ ᠺᠠᠳ᠋ᠷ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ ᠬᠠᠮᠵᠢᠯᠴᠠᠨ᠎ᠠ᠃     ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ᠃      1᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ᠃ ᠲᠦᠷᠢᠮᠵᠢᠯ ᠤᠨ ᠴᠢᠨᠠᠷᠲᠠᠶ ᠦᠰᠦᠭ ᠪᠢᠴᠢᠭ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠎ ᠶᠢᠨ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠪᠦᠷᠢᠯᠳᠦᠬᠦᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠳᠠᠭᠠᠭᠠᠨ ᠠᠪᠴᠤ ᠬᠦᠢᠴᠡᠳᠬᠡᠨ᠎ᠡ᠃ ᠯᠠᠯᠤ ᠶᠢᠨ ᠢᠳᠡᠭᠡᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠡᠭᠦᠷᠭᠡᠯᠡᠨ᠎ᠡ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠤ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠳᠤ ᠬᠤᠯᠪᠣᠭᠳᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠬᠤ ᠪᠠ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠲᠤᠭᠳᠠᠯᠴᠠᠭ᠎ᠠ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      2᠂ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠬᠢᠨᠠᠯᠲᠠ ᠬᠠᠮᠢᠶᠠᠷᠤᠯᠳᠠ ᠶᠢᠨ ᠠᠵᠢᠯ ᠢ ᠡᠭᠦᠷᠭᠡᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠬᠤ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠱᠠᠩᠨᠠᠬᠤ ᠪᠣᠳᠠᠲᠠᠶ ᠠᠵᠢᠯ ᠢ ᠲᠠᠭᠠᠭᠠᠴᠢᠯᠠᠨ ᠡᠷᠬᠢᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠭᠠᠭᠠᠴᠢᠯᠠᠨ ᠡᠷᠬᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠵᠣᠬᠢᠴᠠᠭᠤᠯᠤᠨ ᠰᠢᠪᠠᠳᠠᠬᠤ ᠶᠢ ᠬᠠᠷᠢᠭᠤᠴᠠᠨ᠎ᠠ᠃ ᠲᠠᠪᠤᠨ ᠤᠯᠠᠭᠠᠨ ᠮᠣᠩᠭᠤᠯ ᠦᠨᠳᠦᠰᠦᠲᠡᠨ ᠤ ᠨᠡᠶᠢᠲᠡ ᠶᠢᠨ ᠣᠩᠭᠤᠨ ᠤ ᠬᠠᠮᠢᠶᠠᠷᠤᠯᠲᠠ ᠶᠢᠨ ᠠᠵᠢᠯ ᠪᠠ ᠠᠷᠠᠳ ᠤᠨ ᠢᠲᠡᠭᠡᠯ ᠪᠢᠰᠢᠷᠡᠯ ᠤᠨ ᠬᠠᠮᠢᠶᠠᠷᠤᠯᠲᠠ ᠶᠢᠨ ᠠᠵᠢᠯ᠃      3᠂ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠬᠤ ᠪᠤᠶᠤ ᠬᠠᠮᠵᠢᠯᠴᠠᠵᠤ ᠪᠠᠶᠢᠭᠠᠳ ᠪᠣᠳᠠᠲᠠᠶ ᠤᠴᠢᠷ ᠶᠠᠪᠤᠳᠠᠯ ᠢ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠤᠰᠬᠠᠶ ᠲᠦᠷᠦᠯ ᠤᠨ ᠲᠥᠯᠥᠪᠵᠢᠭᠦᠯᠭᠡ ᠶᠢ ᠲᠤᠭᠤᠷᠪᠢᠵᠤ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠠ ᠪᠠᠶᠢᠴᠠᠭᠠᠬᠤ ᠪᠣᠳᠠᠲᠠᠶ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠭᠠᠵᠠᠷ ᠣᠷᠣᠨ ᠢ ᠪᠦᠷᠢᠳᠬᠡᠨ ᠵᠠᠳᠠᠯᠬᠤ ᠪᠠ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠲᠤᠭᠳᠠᠯᠴᠠᠭ᠎ᠠ ᠶᠢᠨ ᠠᠵᠢᠯ ᠢ ᠡᠭᠦᠷᠭᠡᠯᠡᠨ᠎ᠡ᠃ ᠭᠠᠵᠠᠷ ᠣᠷᠣᠨ ᠤ ᠠᠵᠢᠯ ᠲᠥᠷᠥᠯ ᠢᠶᠠᠷ ᠢᠶᠠᠨ ᠲᠤᠰᠠᠯᠠᠯᠴᠠᠬᠤ᠂ ᠠᠵᠤ ᠠᠬᠤᠶ ᠮᠡᠷᠭᠡᠵᠢᠯ ᠤᠨ ᠬᠠᠮᠳᠤᠷᠠᠯᠴᠠᠭ᠎ᠠ ᠪᠣᠯᠤᠨ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠰᠡᠬᠦ ᠲᠠᠸᠠᠷ ᠤᠨ ᠦᠢᠯᠡᠳᠪᠦᠷᠢᠯᠡᠯ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠬᠤ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠪᠠ ᠶᠠᠳᠠᠭᠤ ᠶᠢ ᠲᠡᠳᠬᠦᠬᠦ ᠠᠵᠢᠯ ᠳᠤ ᠣᠷᠣᠯᠴᠠᠨ᠎ᠡ᠃ ᠴᠥᠭᠡᠨ ᠲᠣᠭᠠᠲᠤ ᠦᠨᠳᠦᠰᠦᠲᠡᠨ ᠤ ᠪᠣᠯᠪᠠᠰᠤᠷᠠᠯ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠦᠨᠳᠦᠰᠦᠲᠡᠨ ᠤ ᠠᠵᠤ ᠠᠬᠤᠢ ᠶᠢᠨ ᠠᠵᠢᠯ ᠤᠨ ᠬᠦᠷᠢᠶᠡᠨ ᠳᠠᠬᠢ ᠭᠠᠳᠠᠭᠠᠳᠤ ᠪᠠ ᠰᠢᠶᠠᠩᠭᠠᠩ ᠣᠣᠮᠧᠨ ᠲᠠᠶᠢᠸᠠᠨ ᠎ ᠲᠠᠢ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠤ ᠬᠤᠯᠪᠣᠭᠳᠠᠯ ᠪᠦᠬᠦᠢ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠨᠢᠨ ᠮᠡᠳᠡᠭᠡ ᠬᠡᠪᠯᠡᠯ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠬᠤ ᠪᠤᠶᠤ ᠬᠠᠮᠵᠢᠯᠴᠠᠵᠤ ᠬᠠᠮᠢᠶ᠎ᠠ ᠪᠦᠬᠦᠢ ᠠᠵᠢᠯ ᠢ ᠦᠷᠨᠢᠬᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠨᠳᠦᠰᠦᠲᠡᠨ ᠤ ᠰᠣᠶᠣᠯ ᠤᠨ ᠴᠢᠬᠤᠯᠠ ᠶᠡᠭᠡ ᠠᠵᠢᠯᠯᠠᠭ᠎ᠠ ᠪᠣᠯᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠨ᠎ᠡ᠃ ᠦᠨᠳᠦᠰᠦᠲᠡᠨ ᠤ ᠬᠤᠭᠤᠷᠣᠨᠳᠣᠬᠢ ᠰᠣᠶᠣᠯ ᠤᠷᠠᠯᠢᠭ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠡᠷᠭᠡ ᠠᠵᠢᠯ ᠢ ᠥᠷᠨᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠬᠤ ᠪᠣᠳᠠᠲᠠᠶ ᠠᠵᠢᠯ ᠢ ᠡᠭᠦᠷᠭᠡᠯᠡᠨ᠎ᠡ᠃      ︵ᠭᠤᠷᠪᠠ︶ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠮᠢᠶᠠᠷᠤᠯᠲᠠ ᠶᠢᠨ ᠲᠠᠰᠤᠭ      ᠮᠣᠩᠭᠤᠯ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ ᠪᠠ ᠬᠥᠭᠵᠢᠭᠦᠯᠬᠦ ᠠᠵᠢᠯ ᠢ ᠦᠷᠨᠢᠬᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠠ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠬᠥᠬᠢᠭᠦᠯᠦᠨ ᠱᠠᠩᠨᠠᠬᠤ ᠪᠣᠳᠠᠲᠠᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠪᠰᠤᠷᠤᠨ ᠪᠦᠬᠦ ᠬᠤᠰᠢᠭᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠶᠢᠨ ᠠᠵᠢᠯ ᠢ ᠠᠬᠢᠭᠤᠯᠤᠨ᠎ᠠ᠃ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠵᠢᠯᠳᠠ ᠶᠢᠨ ᠬᠥᠭᠵᠢᠯᠲᠡ ᠶᠢᠨ ᠰᠠᠨᠠᠭᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠵᠢᠯᠳᠠ ᠶᠢᠨ ᠪᠥᠳᠥᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠬᠠᠷᠢᠭᠤᠴᠠᠨ ᠬᠦᠢᠴᠡᠳᠬᠡᠵᠦ᠂ ᠡᠷᠬᠡ ᠮᠡᠳᠡᠯ ᠤᠨ ᠬᠡᠪᠴᠢᠶᠡᠨ ᠳᠣᠲᠣᠷ᠎ᠠ ᠪᠠᠨ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠳᠠᠩᠰᠠᠯᠠᠬᠤ ᠶᠢ ᠬᠠᠷᠢᠭᠤᠴᠠᠨ᠎ᠠ᠃ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠷᠢᠭᠤᠴᠠᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ ᠨᠡᠪᠲᠡᠷᠡᠭᠦᠯᠭᠡ ᠺᠢᠨᠤ᠋ ᠲᠧᠯᠸᠢᠰ ᠪᠣᠯᠤᠨ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃ᠲᠠᠪᠤᠳᠤᠭᠠᠷ ᠵᠤᠷᠪᠤᠰ  ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 7 ᠨᠡᠷ᠎ᠡ᠃ ᠡᠷᠬᠢᠯᠡᠭᠴᠢ 1 ᠨᠡᠷ᠎ᠡ ︵ᠬᠤᠰᠢᠭᠤᠨ ᠤ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶᠂ ᠳᠡᠳ᠋ ᠡᠷᠬᠢᠯᠡᠭᠴᠢ 3 ᠨᠡᠷ᠎ᠡ᠃ ᠵᠢᠷᠭᠤᠳᠤᠭᠠᠷ ᠵᠤᠷᠪᠤᠰ  ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠷᠢᠶ᠎ᠠ ᠠᠵᠢᠯ ᠦᠢᠯᠡᠰ ᠤᠨ ᠨᠢᠬᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠶᠠᠪᠤᠳᠠᠯ ᠢ ᠠᠰᠲᠠᠭᠠᠨ ᠲᠣᠭᠲᠠᠭᠠᠨ᠎ᠠ᠃ ᠳᠣᠯᠣᠳᠤᠭᠠᠷ ᠵᠤᠷᠪᠤᠰ  ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠣᠬᠢᠷᠠᠭᠤᠯᠤᠯᠲᠠ ᠶᠢ ᠬᠤᠰᠢᠭᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠲᠣᠭᠲᠠᠭᠰᠠᠨ ᠲᠠᠰ ᠳᠠᠷᠠᠭᠠᠯᠠᠯ ᠢᠶᠠᠷ ᠬᠦᠢᠴᠡᠳᠬᠡᠨ᠎ᠡ᠃ ᠨᠠᠢᠮᠠᠳᠤᠭᠠᠷ ᠵᠦᠢᠯ   ᠲᠤᠰ ᠲᠣᠭᠲᠠᠭᠠᠯ ᠢ 2019 ᠣᠨ ᠤ ᠰᠠᠷ᠎ᠠ ᠶᠢᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠠᠯᠪᠠᠨ ᠬᠡᠷ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ᠂ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶᠠᠷᠤᠯᠲᠠ ᠶᠢᠨ ᠲᠠᠰᠤᠭ  ᠭᠤᠷᠪᠠ᠂ ᠠᠵᠢᠯᠯᠠᠬᠤ ᠬᠠᠶ᠋ᠢᠭ ᠴᠧᠨ ᠶᠤᠸᠠᠨ ᠲᠣᠮᠣ ᠠᠰᠠᠷ ᠤᠨ A 618 ᠠᠯᠪᠠᠨ ᠬᠡᠷ ᠳᠥᠷᠪᠡ᠂ ᠠᠵᠢᠯᠯᠠᠬᠤ ᠴᠠᠭ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠄ 8᠄30 ᠊᠊᠊᠊12᠄ 00᠂ 14᠄ 30 ᠊᠊᠊᠊᠊ 17᠄ 30 ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ  ᠲᠠᠪᠤ᠂ ᠬᠠᠷᠢᠯᠴᠠᠬᠤ ᠤᠳᠠᠰᠤ 0477 ᠊᠊᠊᠊ 8969109 ᠵᠢᠷᠭᠤᠭ᠎ᠠ᠂ ᠬᠠᠷᠢᠭᠤᠴᠠᠯᠭᠠᠲᠠᠨ ᠤ ᠤᠪᠤᠭ ᠨᠡᠷ᠎ᠡ ᠬᠤᠷᠴᠠ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号