ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2021/11/25
ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ      ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ᠂ ᠬᠡᠷᠡᠭᠵᠢᠭᠦᠯᠬᠦ ᠠᠷᠭ᠎ᠠ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃      ︵ᠬᠤᠶᠠᠷ︶ ᠪᠥᠬᠦ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠦᠢᠯᠡᠴᠢᠯᠡᠭᠡ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭᠠᠨ ᠤ ᠬᠡᠪ ᠪᠠᠶᠢᠳᠠᠯ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠨ᠎ᠠ᠃      ︵ᠭᠤᠷᠪᠠ︶ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠣᠯᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠ ᠠᠴᠠ ᠪᠠᠭᠤᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠳᠥᠷᠪᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠶᠢ ᠬᠠᠷᠢᠭᠤᠴᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠎ ᠢᠶᠠᠨ ᠳᠠᠭᠠᠵᠤ ᠰᠢᠯᠵᠢᠬᠦ ᠭᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃      ︵ᠲᠠᠪᠤ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠣᠨᠴᠠᠭᠠᠶ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃      ︵ᠵᠢᠷᠭᠤᠭ᠎ᠠ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠠᠮᠠᠷᠠᠭᠰᠠᠳ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃      ︵ᠳᠣᠯᠤᠭ᠎ᠠ︶ ᠰᠢᠷᠬᠠᠳᠤᠵᠤ ᠡᠪᠡᠳᠴᠢᠯᠡᠭᠡᠳ ᠵᠡᠮᠳᠡᠭ ᠪᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ ᠬᠤᠯᠪᠣᠭᠳᠠᠯ ᠪᠥᠬᠦᠶ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠶ ᠰᠢᠷᠬᠠᠲᠤᠭᠰᠠᠨ ᠡᠪᠡᠳᠴᠢᠯᠡᠭᠰᠡᠨ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃      ︵ᠨᠠᠢᠮᠠ︶ ᠪᠥᠬᠦ ᠬᠤᠰᠢᠭᠤᠨ ᠤ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠠᠯᠪᠠᠨ ᠴᠡᠷᠢᠭ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠣᠯᠤᠨ ᠴᠡᠷᠢᠭ ᠤᠨ ᠭᠡᠷ ᠪᠦᠯᠢ ᠶᠢᠨ ᠬᠢᠨ ᠳᠤ ᠬᠠᠷᠠᠭᠠᠯᠵᠠᠯ ᠦᠵᠡᠭᠦᠯᠬᠦ᠂ ᠠᠰᠠᠷᠠᠮᠵᠢ ᠦᠵᠡᠭᠦᠯᠬᠦ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠦᠷᠡᠭᠳᠡᠭᠰᠡᠨ ᠪᠠᠭᠠᠲᠤᠷᠴᠤᠳ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠥᠬᠢᠭᠦᠯᠦᠨ ᠱᠠᠩᠨᠠᠬᠤ᠂ ᠴᠡᠷᠢᠭ ᠤᠨ ᠬᠥᠮᠦᠨ ᠤ ᠨᠡᠶᠢᠲᠡ ᠶᠢᠨ ᠣᠩᠭᠤᠨ ᠢ ᠬᠠᠮᠢᠶᠠᠷᠴᠤ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠨᠢᠭᠡᠴᠢ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦᠩᠨᠡᠨ ᠰᠠᠶᠢᠰᠢᠶᠠᠵᠤ ᠤᠬᠠᠭᠤᠯᠤᠨ᠎ᠠ᠃      ︵ᠠᠷᠪᠠ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠨ ᠪᠠᠶᠢᠴᠠᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠨᠢᠭᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠠᠯᠭᠠᠰᠤ᠂ ᠭᠠᠴᠠᠭ᠎ᠠ ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ︵ᠠᠷᠪᠠᠨ ᠬᠤᠶᠠᠷ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠢᠯᠡᠴᠢᠯᠡᠬᠡᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠲᠤᠰᠢᠶᠠᠯ ᠬᠠᠷᠢᠭᠤᠴᠠᠯᠭ᠎ᠠ ᠲᠣᠳᠣᠷᠬᠠᠶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ ᠪᠠᠶᠢᠭᠠᠳ ᠴᠡᠷᠢᠭ ᠤᠨ ᠬᠥᠮᠦᠨ ᠴᠡᠷᠢᠭ ᠤᠨ ᠬᠡᠷ ᠪᠦᠯᠢ ᠳᠤ ᠨᠠᠩ ᠰᠠᠶᠢᠲᠤᠷ ᠦᠢᠯᠡᠴᠢᠯᠡᠵᠦ᠂ ᠴᠡᠷᠢᠭ ᠤᠨ ᠬᠥᠮᠦᠨ ᠴᠡᠷᠢᠭ ᠤᠨ ᠬᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠴᠡᠷᠢᠭ ᠤᠨ ᠬᠥᠮᠦᠨ ᠢ ᠪᠥᠬᠦ ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭᠠᠨ ᠤ ᠬᠡᠪ ᠪᠠᠶᠢᠳᠠᠯ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠢᠯᠡᠷᠡᠭᠦᠯᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠳᠤ ᠨᠠᠩ ᠰᠠᠶᠢᠲᠤᠷ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃      ︵ᠠᠷᠪᠠᠨ ᠭᠤᠷᠪᠠ︶ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠠᠯᠪᠠᠨ ᠬᠡᠷ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠬᠠᠮᠢᠶᠠᠷᠤᠯᠲᠠ ᠪᠠ ᠠᠵᠢᠯ ᠤᠯᠭᠤᠯᠳᠠ ᠦᠢᠯᠡᠰ ᠴᠣᠭᠴᠠᠯᠠᠬᠤ ᠲᠠᠰᠤᠭ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠵᠤ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠠ ᠠᠰᠠᠷᠠᠨ ᠬᠠᠷᠠᠭᠠᠯᠵᠠᠵᠤ ᠬᠥᠬᠢᠭᠦᠯᠦᠨ ᠰᠠᠶᠢᠰᠢᠶᠠᠬᠤ ᠳᠤᠷᠠᠰᠬᠠᠯ ᠤᠨ ᠠᠯᠪᠠᠨ ᠬᠡᠷ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠲᠥᠪ᠃ ᠭᠤᠷᠪᠠ᠂ ᠠᠵᠢᠯᠯᠠᠬᠤ ᠭᠠᠵᠠᠷ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠄ ᠡᠵᠡᠨ ᠬᠤᠷᠤᠭ᠎ᠠ ᠬᠤᠰᠢᠭᠤᠨ ᠤ ᠠᠳᠠᠯ ᠦᠢᠯᠡᠰ ᠴᠣᠭᠴᠠᠯᠠᠬᠤ ᠲᠣᠮᠣ ᠠᠰᠠᠷ ᠤᠨ B ᠠᠰᠠᠷ 12 ᠳ᠋ᠤᠭᠠᠷ ᠲᠠᠪᠬᠤᠷᠭ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠲᠥᠪ᠄ ᠡᠵᠡᠨ ᠬᠤᠷᠤᠭ᠎ᠠ ᠬᠤᠰᠢᠭᠤᠨ ᠤ ᠠᠳᠠᠯ ᠦᠢᠯᠡᠰ ᠴᠣᠭᠴᠠᠯᠠᠬᠤ ᠲᠣᠮᠣ ᠠᠰᠠᠷ ᠤᠨ B ᠠᠰᠠᠷ ᠨᠢᠭᠡᠳᠦᠭᠡᠷ ᠲᠠᠪᠬᠤᠷᠭ᠎ᠠ  ᠳᠥᠷᠪᠡ᠂ ᠠᠵᠢᠯᠯᠠᠬᠤ ᠴᠠᠭ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ  08᠄ 30 ᠊᠊᠊᠊ 12᠄ 00᠂ 14᠄ 30 ᠊᠊᠊᠊ 17᠄ 30 ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠡᠭᠦᠨ ᠳᠤ ᠪᠠᠭᠲᠠᠬᠤ ᠥᠬᠡᠶ  ᠲᠠᠪᠤ᠂ ᠬᠠᠷᠢᠯᠴᠠᠬᠤ ᠤᠳᠠᠰᠤ 0477 ᠊᠊᠊᠊ 86877770  ᠵᠢᠷᠭᠤᠭ᠎ᠠ᠂ ᠬᠠᠷᠢᠭᠤᠴᠠᠯᠭᠠᠲᠠᠨ᠎  ᠸᠠᠩ ᠫᠢᠩ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号