| ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ | ᠲᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ᠂ ᠬᠡᠷᠡᠭᠵᠢᠭᠦᠯᠬᠦ ᠠᠷᠭ᠎ᠠ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠪᠥᠬᠦ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠦᠢᠯᠡᠴᠢᠯᠡᠭᠡ ᠬᠠᠮᠢᠶᠠᠷᠤᠯᠲᠠ | ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ | ᠰᠠᠨᠠᠭᠠᠨ ᠤ ᠬᠡᠪ ᠪᠠᠶᠢᠳᠠᠯ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠨ᠎ᠠ᠃ | ︵ᠭᠤᠷᠪᠠ︶ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠴᠡᠷᠢᠭ ᠤᠨ ᠠᠯᠪᠠ ᠠᠴᠠ | ᠪᠠᠭᠤᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ | ᠠᠵᠢᠯ ᠪᠣᠯᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠ ᠠᠴᠠ ᠪᠠᠭᠤᠭᠰᠠᠳ ᠲᠤ ᠦᠢᠯᠡᠴᠢᠯᠡᠬᠦ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠳᠥᠷᠪᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠶᠢ | ᠬᠠᠷᠢᠭᠤᠴᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠢᠶᠠᠨ ᠳᠠᠭᠠᠵᠤ ᠰᠢᠯᠵᠢᠬᠦ ᠭᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃ | ︵ᠲᠠᠪᠤ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠣᠨᠴᠠᠭᠠᠶ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠠᠮᠠᠷᠠᠭᠰᠠᠳ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ | ᠠᠯᠪᠠ ᠠᠴᠠ ᠬᠠᠯᠠᠭᠳᠠᠭᠰᠠᠳ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠳ ᠤᠨ ᠣᠷᠣᠨ ᠰᠠᠭᠤᠴᠠ ᠶᠢᠨ | ᠪᠠᠲᠤᠯᠠᠭ᠎ᠠ ᠶᠢᠨ ᠠᠵᠢᠯ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ | ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ︵ᠳᠣᠯᠤᠭ᠎ᠠ︶ ᠰᠢᠷᠬᠠᠳᠤᠵᠤ ᠡᠪᠡᠳᠴᠢᠯᠡᠭᠡᠳ ᠵᠡᠮᠳᠡᠭ ᠪᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠪᠠ | ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ | ᠬᠤᠯᠪᠣᠭᠳᠠᠯ ᠪᠥᠬᠦᠶ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠶ ᠰᠢᠷᠬᠠᠲᠤᠭᠰᠠᠨ ᠡᠪᠡᠳᠴᠢᠯᠡᠭᠰᠡᠨ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ | ︵ᠨᠠᠢᠮᠠ︶ ᠪᠥᠬᠦ ᠬᠤᠰᠢᠭᠤᠨ ᠤ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠠᠯᠪᠠᠨ | ᠴᠡᠷᠢᠭ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠣᠯᠤᠨ ᠴᠡᠷᠢᠭ ᠤᠨ ᠭᠡᠷ ᠪᠦᠯᠢ ᠶᠢᠨ ᠬᠢᠨ ᠳᠤ ᠬᠠᠷᠠᠭᠠᠯᠵᠠᠯ | ᠦᠵᠡᠭᠦᠯᠬᠦ᠂ ᠠᠰᠠᠷᠠᠮᠵᠢ ᠦᠵᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ | ︵ᠶᠢᠰᠦ︶ ᠦᠷᠡᠭᠳᠡᠭᠰᠡᠨ ᠪᠠᠭᠠᠲᠤᠷᠴᠤᠳ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠥᠬᠢᠭᠦᠯᠦᠨ ᠱᠠᠩᠨᠠᠬᠤ᠂ ᠴᠡᠷᠢᠭ ᠤᠨ ᠬᠥᠮᠦᠨ ᠤ | ᠨᠡᠶᠢᠲᠡ ᠶᠢᠨ ᠣᠩᠭᠤᠨ ᠢ ᠬᠠᠮᠢᠶᠠᠷᠴᠤ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ | ᠬᠤᠯᠪᠣᠭᠳᠠᠯ ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠠᠵᠢᠯ ᠤᠨ ᠨᠢᠭᠡᠴᠢ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦᠩᠨᠡᠨ ᠰᠠᠶᠢᠰᠢᠶᠠᠵᠤ ᠤᠬᠠᠭᠤᠯᠤᠨ᠎ᠠ᠃ | ︵ᠠᠷᠪᠠ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠨ ᠪᠠᠶᠢᠴᠠᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠷᠬᠡ | ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠠᠯᠭᠠᠰᠤ᠂ ᠭᠠᠴᠠᠭ᠎ᠠ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠭᠰᠡᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠠᠷᠪᠠᠨ ᠬᠤᠶᠠᠷ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠢᠯᠡᠴᠢᠯᠡᠬᠡᠨ ᠤ ᠪᠠᠲᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠲᠤᠰᠢᠶᠠᠯ ᠬᠠᠷᠢᠭᠤᠴᠠᠯᠭ᠎ᠠ ᠲᠣᠳᠣᠷᠬᠠᠶ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ ᠪᠠᠶᠢᠭᠠᠳ ᠴᠡᠷᠢᠭ ᠤᠨ ᠬᠥᠮᠦᠨ | ᠴᠡᠷᠢᠭ ᠤᠨ ᠬᠡᠷ ᠪᠦᠯᠢ ᠳᠤ ᠨᠠᠩ ᠰᠠᠶᠢᠲᠤᠷ ᠦᠢᠯᠡᠴᠢᠯᠡᠵᠦ᠂ ᠴᠡᠷᠢᠭ ᠤᠨ ᠬᠥᠮᠦᠨ ᠴᠡᠷᠢᠭ ᠤᠨ ᠬᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠴᠡᠷᠢᠭ ᠤᠨ ᠬᠥᠮᠦᠨ ᠢ ᠪᠥᠬᠦ ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ | ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭᠠᠨ ᠤ ᠬᠡᠪ ᠪᠠᠶᠢᠳᠠᠯ ᠪᠠ ᠥᠷᠲᠡᠭ ᠤᠨ ᠤᠳᠤᠷᠢᠳᠤᠮᠵᠢ ᠶᠢ ᠮᠠᠭᠲᠠᠨ | ᠢᠯᠡᠷᠡᠭᠦᠯᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠳᠤ ᠨᠠᠩ ᠰᠠᠶᠢᠲᠤᠷ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠬᠠᠩᠭᠠᠨ᠎ᠠ᠃ | ︵ᠠᠷᠪᠠᠨ ᠭᠤᠷᠪᠠ︶ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ | ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠠᠯᠪᠠᠨ ᠬᠡᠷ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠬᠠᠮᠢᠶᠠᠷᠤᠯᠲᠠ ᠪᠠ ᠠᠵᠢᠯ ᠤᠯᠭᠤᠯᠳᠠ ᠦᠢᠯᠡᠰ ᠴᠣᠭᠴᠠᠯᠠᠬᠤ ᠲᠠᠰᠤᠭ᠂ ᠴᠡᠷᠢᠭ ᠢᠶᠠᠨ ᠬᠦᠷᠢᠶᠡᠯᠡᠨ ᠬᠡᠷ | ᠪᠦᠯᠢ ᠶᠢ ᠨᠢ ᠬᠠᠷᠠᠭᠠᠯᠵᠠᠵᠤ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠠ ᠠᠰᠠᠷᠠᠨ ᠬᠠᠷᠠᠭᠠᠯᠵᠠᠵᠤ ᠬᠥᠬᠢᠭᠦᠯᠦᠨ ᠰᠠᠶᠢᠰᠢᠶᠠᠬᠤ ᠳᠤᠷᠠᠰᠬᠠᠯ ᠤᠨ ᠠᠯᠪᠠᠨ | ᠬᠡᠷ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠲᠥᠪ᠃ | ᠭᠤᠷᠪᠠ᠂ ᠠᠵᠢᠯᠯᠠᠬᠤ ᠭᠠᠵᠠᠷ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠄ ᠡᠵᠡᠨ ᠬᠤᠷᠤᠭ᠎ᠠ ᠬᠤᠰᠢᠭᠤᠨ ᠤ ᠠᠳᠠᠯ ᠦᠢᠯᠡᠰ ᠴᠣᠭᠴᠠᠯᠠᠬᠤ ᠲᠣᠮᠣ ᠠᠰᠠᠷ ᠤᠨ B | ᠠᠰᠠᠷ 12 ᠳ᠋ᠤᠭᠠᠷ ᠲᠠᠪᠬᠤᠷᠭ᠎ᠠ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠲᠥᠪ᠄ ᠡᠵᠡᠨ ᠬᠤᠷᠤᠭ᠎ᠠ ᠬᠤᠰᠢᠭᠤᠨ ᠤ ᠠᠳᠠᠯ ᠦᠢᠯᠡᠰ ᠴᠣᠭᠴᠠᠯᠠᠬᠤ ᠲᠣᠮᠣ ᠠᠰᠠᠷ ᠤᠨ B | ᠠᠰᠠᠷ ᠨᠢᠭᠡᠳᠦᠭᠡᠷ ᠲᠠᠪᠬᠤᠷᠭ᠎ᠠ | ᠳᠥᠷᠪᠡ᠂ ᠠᠵᠢᠯᠯᠠᠬᠤ ᠴᠠᠭ | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ 08᠄ 30 ᠊᠊᠊᠊ 12᠄ 00᠂ 14᠄ 30 ᠊᠊᠊᠊ 17᠄ 30 ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ | ᠡᠳᠦᠷ ᠡᠭᠦᠨ ᠳᠤ ᠪᠠᠭᠲᠠᠬᠤ ᠥᠬᠡᠶ | ᠲᠠᠪᠤ᠂ ᠬᠠᠷᠢᠯᠴᠠᠬᠤ ᠤᠳᠠᠰᠤ | 0477 ᠊᠊᠊᠊ 86877770 | ᠵᠢᠷᠭᠤᠭ᠎ᠠ᠂ ᠬᠠᠷᠢᠭᠤᠴᠠᠯᠭᠠᠲᠠᠨ | ᠸᠠᠩ ᠫᠢᠩ | | |