ᠡᠵᠡᠨ ᠬᠤᠷᠤᠭ᠎ᠠ ᠬᠤᠰᠢᠭᠤᠨ ᠤ ᠬᠦᠯᠢᠶᠡᠨ ᠠᠪᠤᠭᠰᠠᠨ ᠡᠵᠡᠨ᠎ᠠ ᠬᠤᠰᠢᠭᠤᠨ ᠳᠤ ᠬᠤᠴᠤᠷᠭᠠᠭᠰᠠᠨ ᠠᠶᠠᠨᠴᠢᠳ ᠪᠤᠴᠠᠬᠤ ᠪᠠᠷ ᠪᠤᠯᠤᠯ᠎ᠠ
ᠨᠡᠶᠢᠲᠡᠯᠡᠭᠰᠡᠨ ᠴᠠᠭ᠄
2021/12/10
     11 ᠰᠠᠷ᠎ᠠ ᠶᠢᠨ 13᠎ ᠤ ᠡᠳᠤᠷ ᠠᠴᠠ ᠡᠬᠢᠯᠡᠨ᠂  ᠡᠵᠡᠨ᠎ᠡ ᠬᠤᠰᠢᠭᠤ ᠠᠴᠠ ᠡᠵᠡᠨ ᠬᠤᠷᠤᠭ᠎ᠠ ᠬᠤᠰᠢᠭᠤᠨ ᠳᠤ ᠰᠢᠯᠵᠢᠬᠦᠯᠦᠨ ᠲᠦᠪᠯᠡᠷᠡᠬᠦᠯᠤᠨ ᠲᠤᠰᠠᠭᠠᠷᠯᠠᠵᠤ ᠪᠠᠶᠢᠭᠰᠠᠨ ᠵᠤᠭᠠᠴᠠᠭᠰᠠᠳ ᠤᠨ ᠲᠦᠪᠯᠡᠷᠡᠬᠦᠯᠤᠨ ᠲᠤᠰᠠᠭᠠᠷᠯᠠᠬᠤ ᠡᠷᠡᠬᠦᠯ ᠮᠡᠨᠳᠤ ᠶᠢᠨ ᠬᠢᠨᠠᠨ ᠭᠡᠮᠵᠢᠯᠳᠡ ᠶᠢ ᠬᠦᠴᠤᠨ ᠦᠭᠡᠢ ᠪᠤᠯᠭᠠᠵᠤ᠂ ᠵᠠᠯᠭᠠᠭ᠎ᠠ ᠪᠠᠷ ᠨᠤᠳᠤᠭ ᠲᠤ ᠎ ᠪᠠᠨ ᠬᠠᠷᠢᠬᠤ ᠪᠠᠷ ᠪᠤᠯᠤᠯ᠎ᠠ᠃      13᠎ ᠤ ᠡᠳᠤᠷ ᠤᠨ ᠦᠳᠡ ᠶᠢᠨ ᠬᠤᠶᠢᠨ᠎ᠠ ᠶᠢᠨ 1 ᠴᠠᠭ ᠲᠤ᠂ ᠡᠵᠡᠨ ᠬᠤᠷᠤᠭ᠎ᠠ ᠬᠤᠰᠢᠭᠤᠨ ᠤ ᠲᠦᠪᠬᠢᠨᠡᠬᠦᠯᠬᠦ ᠪᠠᠭᠤᠳᠠᠯ ᠳᠤ ᠪᠡᠭᠡᠵᠢᠩ᠂ ᠾᠧᠪᠸᠢ᠂ ᠵᠢᠶᠠᠩᠰᠤ᠂ ᠭᠤᠸᠠᠩᠳᠦ᠋ᠡᠭ ᠵᠡᠷᠭᠡ ᠭᠠᠵᠠᠷ ᠠᠴᠠ ᠢᠷᠡᠭᠰᠡᠨ 24 ᠵᠤᠭᠠᠴᠠᠭᠴᠢ ᠵᠠᠯᠭᠠᠭ᠎ᠠ ᠵᠠᠯᠭᠠᠭ᠎ᠠ ᠪᠠᠷ ᠨᠤᠳᠤᠭ ᠲᠤ ᠪᠠᠨ ᠪᠤᠴᠠᠬᠤ ᠪᠠᠷ ᠪᠤᠯᠵᠤ᠂ ᠠᠵᠢᠯᠳᠠᠳ ᠠᠴᠠ ᠲᠤᠰᠠᠭᠠᠷᠯᠠᠯ ᠢ ᠲᠠᠶᠢᠯᠬᠤ ᠮᠡᠳᠡᠭᠳᠡᠯ ᠤᠨ ᠪᠢᠴᠢᠭ᠂ ᠪᠦᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠵᠢᠴᠢ ᠬᠤᠪᠢ ᠬᠦᠮᠤᠨ ᠤ ᠬᠢᠵᠢᠭ ᠢ ᠰᠡᠷᠭᠡᠶᠢᠯᠡᠬᠦ ᠬᠠᠮᠠᠭᠠᠯᠠᠯᠳᠠ ᠶᠢᠨ ᠭᠡᠷᠡᠭᠰᠡᠯ ᠢ ᠲᠡᠳᠡᠨ ᠳᠤ ᠲᠤᠰᠢᠶᠠᠵᠤ᠂ ᠲᠤᠰᠬᠠᠢ ᠬᠦᠮᠤᠨ᠂ ᠲᠤᠰᠬᠠᠢ ᠲᠡᠷᠭᠡ ᠲᠤᠮᠢᠯᠠᠨ ᠨᠢᠰᠭᠡᠯ ᠤᠨ ᠪᠠᠭᠤᠳᠠᠯ᠂ ᠭᠠᠯᠳᠤ ᠲᠡᠷᠭᠡᠨ ᠤ ᠦᠷᠳᠡᠭᠡ ᠳᠤ ᠬᠦᠷᠭᠡᠪᠠ᠃      ᠡᠵᠡᠨ ᠬᠤᠷᠤᠭ᠎ᠠ ᠬᠤᠰᠢᠭᠤᠨ ᠤ ᠰᠢᠨ᠎ᠠ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠤᠶᠢᠯᠠᠭᠠᠭᠰᠠᠨ ᠢᠶᠠᠷ᠂ ᠪᠤᠴᠠᠬᠤ ᠵᠤᠭᠠᠴᠠᠭᠰᠠᠳ 13᠂ 14᠎ ᠤ ᠡᠳᠤᠷ ᠲᠤ ᠪᠦᠯᠦᠭ ᠬᠤᠪᠢᠶᠠᠨ ᠮᠤᠷᠳᠠᠵᠤ᠂ ᠡᠨᠡ 176 ᠵᠤᠭᠠᠴᠠᠭᠴᠢ ᠶᠢᠨ 14 ᠡᠳᠤᠷ ᠤᠨ ᠪᠦᠭᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠨᠢ ᠴᠦᠮ ᠪᠢᠯᠢᠭ ᠴᠢᠨᠠᠷᠳᠠᠢ ᠪᠠᠶᠢᠵᠤ᠂ ᠲᠤᠰᠠᠭᠠᠷᠯᠠᠯ ᠢ ᠬᠦᠴᠤᠨ ᠦᠭᠡᠢ ᠪᠤᠯᠭᠠᠬᠤ ᠨᠦᠬᠦᠴᠡᠯ ᠳᠤ ᠨᠡᠶᠢᠴᠡᠪᠠ᠃ ᠲᠡᠳᠡ ᠨᠢᠰᠭᠡᠯ᠂ ᠭᠠᠯᠳᠤ ᠲᠡᠷᠭᠡᠨ ᠳᠤ ᠰᠠᠭᠤᠬᠤ ᠪᠤᠶᠤ ᠦᠪᠠᠷ ᠢᠶᠠᠨ ᠲᠡᠷᠭᠡ ᠵᠢᠯᠤᠭᠤᠳᠴᠤ ᠬᠠᠷᠢᠬᠤ ᠪᠤᠯᠤᠨ᠎ᠠ᠃      ᠤᠶᠢᠷ᠎ᠠ ᠶᠢᠨ ᠡᠳᠤᠷ ᠤᠳ ᠲᠤ᠂ ᠮᠠᠨ ᠤ ᠬᠤᠰᠢᠭᠤ ᠨᠡᠶᠢᠳᠡ 3 ᠲᠦᠪᠬᠢᠨᠡᠬᠦᠯᠬᠦ ᠴᠡᠭ ᠭᠠᠷᠭᠠᠵᠤ᠂ ᠵᠠᠭᠤ ᠰᠢᠬᠠᠮ ᠠᠵᠢᠯᠳᠠᠨ ᠡᠳᠡᠭᠡᠷ ᠵᠤᠭᠠᠴᠠᠭᠰᠠᠳ ᠲᠤ ᠡᠮᠴᠢᠯᠡᠭᠡ᠂ ᠠᠮᠤᠷ ᠢ ᠬᠠᠮᠠᠭᠠᠯᠠᠬᠤ᠂ ᠠᠷᠤ ᠲᠠᠯ᠎ᠠ ᠶᠢᠨ ᠤᠶᠢᠯᠡᠴᠢᠯᠡᠭᠡ ᠵᠡᠷᠭᠡ ᠪᠠᠳᠤᠯᠠᠭ᠎ᠠ ᠶᠢᠨ ᠤᠶᠢᠯᠡᠴᠢᠯᠡᠭᠡᠨ ᠤ ᠠᠵᠢᠯ ᠬᠠᠩᠭᠠᠭᠰᠠᠨ ᠪᠠᠶᠢᠨ᠎ᠠ᠃ ᠡᠨᠡᠬᠦ ᠬᠤᠭᠤᠴᠠᠭᠠᠨ ᠳᠤ ᠂ ᠡᠯ᠎ᠡ ᠵᠤᠶᠢᠯ ᠤᠨ ᠬᠠᠯᠠᠭᠤᠨ ᠲᠤᠳᠤᠨᠤ ᠠᠷᠭ᠎ᠠ ᠭᠡᠮᠵᠢᠶ᠎ᠠ ᠠᠪᠤᠭᠰᠠᠨ ᠪᠠ ᠲᠦᠪᠬᠢᠨᠡᠬᠦᠯᠬᠦ ᠴᠡᠭ ᠤᠨ ᠠᠵᠢᠯᠳᠠᠨ ᠤ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠤᠶᠢᠯᠡᠴᠢᠯᠡᠬᠦ ᠪᠠᠷ ᠲᠠᠮᠵᠢᠭᠤᠯᠤᠨ᠂ ᠵᠤᠭᠠᠴᠠᠭᠰᠠᠳ ᠲᠤ ᠭᠡᠷ ᠲᠠᠢ ᠪᠠᠨ ᠠᠳᠠᠯᠢ ᠬᠠᠯᠠᠭᠤᠨ ᠲᠤᠯᠠᠭᠠᠨ ᠰᠠᠨᠠᠬᠳᠠᠭᠤᠯᠤᠬᠰᠠᠨ ᠪᠠᠶᠢᠨ᠎ᠠ᠃                              
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号