ᠬᠠᠶᠢᠷ᠎ᠠ ᠬᠠᠯᠠᠮᠵᠢᠳᠦ ᠠᠵᠤ ᠠᠬᠤᠶᠢᠯᠠᠯ ᠠᠴᠠ ᠣᠶᠤᠲᠠᠨ ᠳᠤ 20000 ᠲᠦᠬᠦᠷᠢᠭ ᠬᠠᠨᠳᠢᠪᠯᠠᠪᠠ
ᠨᠡᠶᠢᠲᠡᠯᠡᠭᠰᠡᠨ ᠴᠠᠭ᠄
2021/12/10
     8 ᠰᠠᠷ᠎ᠠ ᠶᠢᠨ 4᠎ ᠤ ᠡᠳᠦᠷ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠶᠢᠷ᠎ᠠ ᠬᠠᠯᠠᠮᠵᠢᠳᠦ ᠠᠵᠤ ᠠᠬᠤᠶᠢᠯᠠᠯ ᠪᠤᠯᠬᠤ ᠠᠯᠳᠠᠨᠰᠢᠷᠡᠭᠡ ᠪᠠᠯᠭᠠᠰᠤ ᠶᠢᠨ ᠰᠠᠶ ᠸᠧᠶ ᠲᠧ ᠪᠠᠭᠤᠳᠠᠯ ᠤᠨ ᠬᠠᠮᠢᠶᠠᠷᠤᠯᠲᠠ ᠶᠢᠨ ᠺᠣᠮᠫᠠᠨᠢ ᠲᠠᠢ ᠬᠠᠮᠳᠤᠷᠠᠯᠴᠠᠨ᠂ ᠮᠠᠨ ᠤ ᠬᠤᠰᠢᠭᠤᠨ ᠤ ᠪᠡᠭᠡᠵᠢᠩ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠰᠤᠷᠤᠬᠴᠢ ᠮᠠ ᠯᠧ ᠳᠤ 20000 ᠲᠥᠭᠦᠷᠢᠭ ᠬᠠᠨᠳᠢᠪᠯᠠᠪᠠ᠃      ᠡᠨᠡ ᠵᠢᠯ ᠤᠨ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠳᠠ ᠎ ᠳᠤ ᠮᠠ ᠯᠧ 659 ᠬᠤᠪᠢ ᠶᠢᠨ ᠰᠢᠯᠢᠳᠡᠭ ᠬᠢᠷᠢ ᠪᠦᠲᠦᠮᠵᠢ ᠪᠠᠷ ᠪᠡᠭᠡᠵᠢᠩ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠰᠠᠯᠪᠤᠷᠢ ᠳᠤ ᠰᠢᠯᠭᠠᠨ ᠤᠷᠤᠪᠠ᠃ ᠬᠦᠯᠦᠰᠦᠨ ᠠᠵᠢᠯ ᠬᠢᠵᠦ ᠠᠮᠢᠳᠤᠷᠠᠯ ᠤᠨ ᠢᠷᠡᠯᠳᠡ ᠪᠠᠨ ᠪᠤᠯᠭᠠᠳᠠᠭ ᠮᠠ ᠯᠧ ᠶᠢᠨ ᠠᠪᠤ ᠡᠵᠢ ᠳᠤ ᠠᠪᠴᠤ ᠬᠡᠯᠡᠪᠡᠯ ᠡᠨᠡ ᠨᠢ ᠭᠠᠷᠤᠯᠭ᠎ᠠ ᠤᠯᠠᠮ ᠶᠡᠭᠡ ᠪᠤᠯᠬᠤ ᠨᠢ ᠭᠠᠷᠴᠠᠭ᠎ᠠ ᠦᠬᠡᠢ᠃ ᠲᠤᠰ ᠤᠳᠠᠭᠠᠨ ᠤ ᠠᠵᠢᠯᠯᠠᠭ᠎ᠠ ᠨᠢ ᠲᠡᠳᠡᠨ ᠳᠤ ᠠᠵᠤ ᠠᠬᠤᠶᠢᠯᠠᠯ ᠤᠨ ᠭᠦᠨ ᠵᠤᠵᠠᠭᠠᠨ ᠬᠠᠶᠢᠷ᠎ᠠ ᠬᠠᠯᠠᠮᠵᠢ ᠰᠢᠩᠭᠡᠭᠰᠡᠨ ᠲᠤᠰᠠᠯᠠᠮᠵᠢ ᠪᠤᠯᠤᠨ᠎ᠠ᠃      ᠤᠶᠢᠯᠠᠭᠠᠬᠰᠠᠨ ᠢᠶᠠᠷ᠂ ᠬᠤᠰᠢᠭᠤᠨ ᠤ ᠰᠠᠶ ᠸᠧᠶ ᠲᠧ ᠪᠠᠭᠤᠳᠠᠯ ᠤᠨ ᠬᠠᠮᠢᠶᠠᠷᠤᠯᠲᠠ ᠶᠢᠨ ᠺᠣᠮᠫᠠᠨᠢ 2014 ᠣᠨ ᠳᠤ ᠪᠠᠶᠢᠭᠤᠯᠤᠬᠳᠠᠵᠦ᠂ ᠣᠯᠠᠨ ᠵᠢᠯ ᠤᠨ ᠬᠥᠭᠵᠢᠯᠲᠡ ᠪᠠᠷ ᠳᠡᠮᠵᠢᠨ ᠨᠢᠭᠡᠨᠲᠡ ᠵᠣᠴᠢᠳ ᠤᠨ ᠥᠷᠥᠭᠡ᠂   ᠲᠠᠶᠢᠯᠠᠯᠭ᠎ᠠ᠂ ᠬᠠᠯᠠᠭᠤᠨ ᠲᠣᠭᠤᠭ᠎ᠠ᠂ ᠥᠷᠯᠥᠭᠡ ᠶᠢᠨ ᠬᠤᠭᠤᠯᠠ ᠶᠢ ᠨᠢᠭᠡ ᠴᠣᠭᠴᠠᠵᠢᠭᠤᠯᠤᠭᠰᠠᠨ ᠣᠯᠠᠨ ᠡᠰᠢᠲᠦ ᠢᠳᠡᠭᠡᠨ ᠤᠮᠳᠠᠭᠠᠨ ᠤ ᠺᠣᠮᠫᠠᠨᠢ ᠪᠣᠯᠤᠭᠰᠠᠨ ᠪᠠᠶᠢᠨ᠎ᠠ  ᠃ ᠣᠯᠠᠨ ᠵᠢᠯ ᠤᠨ ᠲᠤᠷᠰᠢ᠂ ᠺᠣᠮᠫᠠᠨᠢ ᠨᠢ  ᠨᠡᠶᠢᠬᠡᠮ ᠤᠨ  ᠨᠡᠶᠢᠳᠡ ᠶᠢᠨ ᠠᠰᠠᠷᠠᠮᠵᠢ ᠶᠢᠨ ᠦᠢᠯᠡᠰ ᠲᠤ ᠵᠢᠳᠬᠦᠵᠦ᠂ ᠭᠤᠷᠪᠠᠨ ᠵᠢᠯ ᠳᠠᠷᠠᠭᠠᠯᠠᠨ ᠪᠥᠬᠦ ᠬᠤᠰᠢᠭᠤᠨ ᠤ《 ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠰ ᠢ ᠳᠡᠮᠵᠢᠵᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠢ ᠬᠠᠯᠠᠮᠵᠢᠯᠠᠬᠤ 》ᠬᠠᠶᠢᠷ᠎ᠠ ᠬᠠᠯᠠᠮᠵᠢᠳᠦ ᠠᠵᠤ  ᠠᠬᠤᠶᠢᠯᠠᠯ ᠤᠨ ᠴᠣᠯᠠ ᠶᠢ ᠭᠥᠷᠳᠡᠪᠡ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号