ᠴᠡᠴᠡᠷᠯᠢᠭ ᠢᠶᠠᠷ ᠲᠤᠭᠤᠷᠢᠨ ᠨᠠᠶᠢᠷᠠᠯ ᠬᠥᠭᠵᠢᠮ ᠰᠤᠨᠢᠷᠬᠠᠵᠦ ᠪᠠᠶᠢᠨ᠎ᠠ
ᠨᠡᠶᠢᠲᠡᠯᠡᠭᠰᠡᠨ ᠴᠠᠭ᠄
2021/12/10
         ᠤᠶᠢᠷ᠎ᠠ ᠳᠤ᠂ ᠤᠰᠤᠨ ᠡᠷᠬᠢ ᠶᠢᠨ ᠰᠢᠨ᠎ᠡ ᠬᠤᠲᠠ ᠶᠢᠨ ᠲᠥᠪ ᠴᠡᠴᠡᠷᠯᠢᠭ ᠤᠨ ᠤᠰᠤᠨ ᠬᠥᠰᠢᠭᠡ ᠶᠢᠨ ᠵᠢᠵᠢᠭ ᠠᠭᠤᠳᠠᠮ ᠲᠠᠯᠠᠪᠠᠢ ᠳᠤ ᠨᠢᠬᠡᠨ ᠲᠠᠯᠠᠪᠤᠷ ᠨᠠᠶᠢᠷᠠᠯ ᠬᠥᠭᠵᠢᠮ ᠤᠨ ᠦᠳᠡᠰᠢᠯᠡᠭᠡ  ᠭᠠᠷᠴᠤ᠂ ᠣᠷᠳᠣᠰ ᠤᠨ ᠤᠯᠠᠭᠠᠨᠮᠦ᠋ᠴᠢᠷ ᠤᠨ ᠨᠠᠶᠢᠷᠠᠯ ᠬᠥᠭᠵᠢᠮ ᠤᠨ ᠠᠩᠭᠢ ᠶᠢᠨ ᠬᠥᠭᠵᠢᠮᠴᠢᠳ《 ᠬᠤᠪᠢᠰᠬᠠᠯ ᠤᠨ ᠡᠮᠡᠭᠲᠡᠢ ᠴᠡᠷᠢᠭ》᠂《 ᠠᠶ᠎ᠠ ᠲᠠᠭᠤᠤ ᠪᠠᠨ ᠨᠠᠮ ᠳᠤ ᠪᠠᠨ ᠡᠷᠬᠦᠶ᠎ᠡ》ᠵᠡᠷᠭᠡ ᠰᠣᠩᠭᠤᠳᠠᠭ ᠨᠡᠷᠡᠲᠦ ᠠᠶ᠎ᠠ ᠳᠠᠭᠤᠤ ᠶᠢ ᠬᠦᠭᠵᠢᠮᠳᠡᠵᠦ᠂ ᠰᠡᠯᠡᠬᠦᠴᠡᠵᠦ ᠲᠤᠬᠯᠠᠵᠦ ᠪᠠᠶᠢᠭ᠎ᠠ ᠬᠤᠲᠠ ᠶᠢᠨ ᠠᠷᠠᠳ ᠤᠨ ᠰᠤᠨᠢᠷᠬᠠᠯ ᠢ ᠲᠠᠲᠠᠵᠤ᠂  ᠴᠡᠴᠡᠷᠯᠢᠭ ᠤᠨ ᠨᠢᠭᠡᠨ ᠦᠵᠡᠮᠵᠢ ᠪᠤᠯᠤᠬᠰᠠᠨ ᠪᠠᠶᠢᠨ᠎ᠠ᠃      ᠣᠶᠢᠯᠠᠭᠠᠭᠰᠠᠨ ᠢᠶᠠᠷ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠪᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠮᠠᠨ ᠤ ᠬᠤᠰᠢᠭᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠲᠣᠭᠤᠷᠢᠨ ᠳᠤ ᠵᠢᠶᠦ᠋ᠨ ᠸᠠᠩ ᠤᠨ ᠤᠷᠳᠤᠨ ᠤ ᠠᠭᠤᠳᠠᠮ ᠲᠠᠯᠠᠪᠠᠢ᠂  ᠪᠠᠷᠠᠭᠤᠨ ᠠᠭᠤᠯᠠᠨ ᠤ ᠠᠭᠤᠳᠠᠮ ᠲᠠᠯᠠᠪᠠᠢ᠂ ᠠᠵᠢᠨᠠᠢ ᠴᠡᠴᠡᠷᠯᠢᠭ ᠵᠡᠷᠭᠡ ᠭᠠᠵᠠᠷ ᠲᠤ ᠡᠯᠪᠡᠭ ᠪᠠᠶᠠᠯᠢᠭ ᠣᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠵᠦ᠂ ᠮᠠᠨ ᠤ ᠬᠤᠰᠢᠭᠤᠨ ᠤ ᠰᠣᠶᠣᠯ ᠤᠨ ᠥᠭᠡᠷᠡᠴᠢᠯᠡᠯᠲᠡ᠂ ᠰᠣᠶᠣᠯ ᠤᠨ ᠬᠥᠭᠵᠢᠯᠲᠡ᠂ ᠰᠣᠶᠣᠯ ᠢᠶᠠᠷ ᠣᠯᠠᠨ ᠲᠦᠮᠡᠨ ᠳᠤ ᠠᠰᠢᠭ ᠬᠦᠷᠲᠡᠭᠡᠬᠦ ᠦᠷ᠎ᠡ ᠪᠦᠲᠦᠭᠡᠯ ᠢ ᠲᠥᠪᠯᠡᠷᠡᠩᠭᠦᠢ ᠳᠡᠯᠭᠡᠨ ᠦᠵᠡᠬᠦᠯᠵᠦ  ᠂ ᠬᠤᠳᠠ ᠶᠢᠨ ᠠᠷᠠᠳ ᠤᠯᠠᠨ ᠤ ᠰᠤᠶᠤᠯ ᠤᠨ ᠬᠡᠪ ᠪᠤᠯᠪᠠᠰᠤᠷᠠᠯ ᠢ ᠨᠢ ᠲᠡᠭᠡᠭᠰᠢᠯᠡᠬᠦᠯᠵᠦ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号