ᠠᠩᠬᠠᠳᠤᠭᠠᠷ ᠬᠤᠭᠤᠴᠠᠭᠠᠨ ᠤ ︽ᠣᠷᠳᠣᠰ ᠬᠤᠲᠠ ᠶᠢᠨ ᠤᠯᠠᠭᠠᠨᠨᠠᠭᠤᠷ ᠤᠨ ᠪᠦᠬᠦ ᠠᠷᠠᠳ ᠤᠨ ᠰᠣᠶᠣᠯ ᠤᠷᠠᠯᠢᠭ ᠤᠨ ᠤᠯᠠᠷᠢᠯ︾  ᠡᠬᠢᠯᠡᠪᠡ
ᠨᠡᠶᠢᠲᠡᠯᠡᠭᠰᠡᠨ ᠴᠠᠭ᠄
2021/12/10
     ᠤᠶᠢᠷ᠎ᠠ ᠶᠢᠨ ᠡᠳᠦᠷ᠂ ᠠᠩᠬᠠᠳᠤᠭᠠᠷ ᠬᠤᠭᠤᠴᠠᠭᠠᠨ ᠤ ︽ᠣᠷᠳᠣᠰ ᠬᠤᠲᠠ ᠶᠢᠨ ᠤᠯᠠᠭᠠᠨᠨᠠᠭᠤᠷ ᠤᠨ ᠪᠦᠬᠦ ᠠᠷᠠᠳ ᠤᠨ ᠰᠣᠶᠣᠯ ᠤᠷᠠᠯᠢᠭ ᠤᠨ ᠤᠯᠠᠷᠢᠯ︾ ᠡᠬᠢᠯᠡᠪᠡ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠪᠦᠬᠦ ᠠᠷᠠᠳ ᠤᠨ ᠰᠣᠶᠣᠯ ᠤᠷᠠᠯᠢᠭ ᠤᠨ ᠤᠯᠠᠷᠢᠯ ᠤᠨ ᠠᠵᠢᠯᠯᠠᠭ᠎ᠠ ᠶᠢ ᠤᠯᠠᠭᠠᠨᠨᠠᠭᠤᠷ ᠤᠨ ᠦᠸᠧ ᠯᠦᠡᠭ ᠬᠤᠤ ᠵᠢᠭᠤᠯᠴᠢᠯᠠᠯ ᠤᠨ ᠣᠷᠣᠨ ᠳᠤ ᠪᠠᠶᠢᠷᠢᠯᠠᠭᠤᠯᠤᠨ᠂ 7 ᠰᠠᠷ᠎ᠠ ᠶᠢᠨ 24᠎ ᠤ ᠡᠳᠦᠷ ᠠᠴᠠ 9 ᠰᠠᠷ᠎ᠠ ᠶᠢᠨ 27᠎ ᠤ ᠡᠳᠦᠷ ᠪᠣᠯᠲᠠᠯ᠎ᠠ ᠶᠠᠪᠤᠭᠳᠠᠭᠤᠯᠵᠤ᠂ ᠠᠮᠢ ᠠᠬᠤᠢ ᠶᠢᠨ ᠵᠢᠭᠤᠯᠴᠢᠯᠠᠯ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠠᠶᠠᠯᠠᠯ᠂ ᠳᠠᠭᠤᠤ ᠬᠥᠭᠵᠢᠮ ᠤᠨ ᠪᠠᠶᠠᠷ ᠪᠠᠶᠠᠰᠤᠯ ᠵᠡᠷᠭᠡ ᠡᠯᠪᠡᠭ ᠪᠠᠶᠠᠯᠢᠭ ᠤᠷᠠᠯᠢᠭ ᠤᠨ ᠬᠡᠯᠪᠡᠷᠢ ᠪᠠᠷ ᠬᠥᠮᠦᠰ ᠲᠤ ᠰᠣᠶᠣᠯ ᠤᠷᠠᠯᠢᠭ ᠤᠨ ᠠᠵᠢᠯᠯᠠᠭᠠᠨ ᠤ ᠳᠤᠮᠳᠠ ᠰᠣᠶᠣᠯ ᠤᠨ ᠢᠲᠡᠭᠡᠯ ᠪᠠ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠰᠠᠶᠢᠨ ᠰᠠᠶᠢᠬᠠᠨ ᠠᠮᠢᠳᠤᠷᠠᠯ ᠤᠨ  ᠪᠠᠶᠢᠳᠠᠯ ᠢ ᠤᠶᠢᠯᠠᠭᠠᠭᠤᠯᠵᠦ ᠪᠠᠶᠢᠨ᠎ᠠ᠃ ᠡᠭᠦᠨ ᠤ ᠬᠠᠮᠳᠤ᠂ ᠬᠦᠷᠢᠶᠡᠯᠡᠩ ᠲᠤᠭᠤᠷᠢᠭ ᠲᠤ ᠬᠡᠦᠬᠡᠳ ᠤᠨ ᠨᠠᠭᠠᠳᠤᠮ ᠴᠡᠩᠭᠡᠬᠦᠨ ᠤ ᠲᠤᠭᠤᠷᠢᠭ᠂ ᠮᠠᠶᠢᠬᠠᠨᠳᠤ ᠰᠣᠶᠣᠯ ᠤᠨ ᠲᠤᠭᠤᠷᠢᠭ᠂ ᠰᠦᠯᠵᠢᠶᠡᠨ ᠤᠳᠤᠳ ᠤᠨ ᠠᠵᠢᠯᠯᠠᠭᠠᠨ ᠤ ᠲᠤᠭᠤᠷᠢᠭ᠂  ᠭᠡᠭᠡᠷ᠎ᠠ ᠭᠠᠳᠠᠨᠠᠬᠢ ᠰᠢᠷᠠᠮᠠᠯ ᠤᠨ ᠲᠤᠭᠤᠷᠢᠭ᠂ ᠭᠡᠷᠳᠤ ᠲᠡᠷᠭᠡ ᠪᠠᠷ ᠭᠡᠭᠡᠷᠯᠡᠨ ᠪᠠᠭᠤᠳᠠᠯᠯᠠᠬᠤ ᠲᠤᠭᠤᠷᠢᠭ ᠵᠡᠷᠭᠡ ᠨᠢ ᠦᠷᠭᠡᠨ ᠣᠯᠠᠨ ᠬᠤᠲᠠ ᠶᠢᠨ ᠰᠠᠭᠤᠭᠠᠯᠢ ᠠᠷᠠᠳ ᠪᠣᠯᠤᠨ ᠵᠢᠭᠤᠯᠴᠢᠯᠠᠭᠰᠠᠳ ᠲᠤ ᠨᠡᠩ ᠣᠯᠠᠨ ᠠᠵᠢᠯᠯᠠᠭᠠᠨ ᠤ ᠲᠠᠯᠠᠪᠤᠷ ᠢ ᠬᠠᠩᠭᠠᠨ ᠦᠭᠴᠦ᠂ ᠨᠡᠩ ᠶᠡᠭᠡ ᠪᠠᠶᠠᠷ ᠪᠠᠶᠠᠰᠤᠯ ᠢ ᠠᠪᠴᠢᠷᠠᠭᠰᠠᠨ ᠪᠠᠶᠢᠨ᠎ᠠ᠃  
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号