| | ᠡᠵᠡᠨ ᠬᠤᠷᠤᠭ᠎ᠠ ᠬᠤᠰᠢᠭᠤᠨ ᠤ 2021 ᠣᠨ ᠤ ᠲᠠᠯ᠎ᠠ ᠨᠤᠲᠤᠭ ᠤᠨ ᠨᠣᠮ ᠤᠨ ᠦᠷᠦᠭᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠬᠦ ᠨᠣᠮ ᠨᠡᠮᠡᠷᠢᠯᠡᠬᠦ ᠠᠵᠢᠯ ᠶᠠᠪᠤᠭᠳᠠᠵᠤ ᠪᠠᠶᠢᠨ᠎ᠠ᠃ | ᠡᠨᠡ ᠵᠢᠯ᠂ ᠮᠠᠨ ᠤ ᠬᠤᠰᠢᠭᠤᠨ ᠤ ᠳᠣᠯᠣᠭᠠᠨ ᠪᠠᠯᠭᠠᠰᠤᠨ ᠤ 138 ᠭᠠᠴᠠᠭ᠎ᠠ ᠳᠤᠰᠬᠤᠨ ᠳᠤ ᠪᠠᠶᠢᠭ᠎ᠠ ᠲᠠᠯ᠎ᠠ | ᠨᠤᠲᠤᠭ ᠤᠨ ᠨᠣᠮ ᠤᠨ ᠦᠷᠦᠭᠡ ᠪᠦᠷᠢ ᠳᠤ 3000 ᠲᠦᠭᠦᠷᠢᠭ ᠤᠨ ᠦᠷᠲᠡᠭ ᠲᠠᠢ ᠨᠣᠮ᠂ | ᠨᠡᠶᠢᠲᠡ 414000 ᠲᠦᠭᠦᠷᠢᠭ ᠤᠨ ᠨᠤᠮ ᠰᠤᠳᠤᠷ ᠢ ᠬᠤᠪᠢᠶᠠᠨ ᠳᠤᠬᠢᠷᠠᠭᠤᠯᠬᠤ ᠪᠠᠷ ᠪᠠᠶᠢᠨ᠎ᠠ᠃ ᠲᠠᠯ᠎ᠠ | ᠨᠤᠲᠤᠭ ᠤᠨ ᠨᠣᠮ ᠤᠨ ᠦᠷᠦᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠲᠠᠷᠢᠶᠠᠯᠠᠬᠤ | ᠮᠠᠯᠵᠢᠬᠤ ᠤᠷᠤᠨ ᠤ ᠰᠤᠶᠤᠯ ᠤᠨ ᠴᠡᠴᠡᠭᠯᠡᠯᠲᠡ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠶᠠᠳᠠᠭᠤ ᠠᠴᠠ | ᠠᠩᠬᠢᠵᠢᠷᠠᠨ ᠪᠠᠶᠠᠵᠢᠬᠤ ᠶᠠᠪᠤᠴᠠ ᠳᠤᠮᠲᠠ ᠲᠠᠯ᠎ᠠ ᠨᠤᠲᠤᠭ ᠤᠨ ᠨᠣᠮ ᠤᠨ ᠦᠷᠦᠭᠡ ᠶᠢ ᠵᠦᠢ ᠵᠤᠬᠢᠰᠲᠠᠢ ᠠᠰᠢᠭᠯᠠᠨ | ᠂ ᠲᠡᠭᠦᠨ ᠤ ᠦᠢᠯᠡᠳᠦᠯ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠤᠨ᠂ ᠤᠯᠠᠨ ᠲᠦᠮᠡᠨ ᠳᠤ ᠦᠨᠳᠦᠰᠦᠨ | ᠰᠤᠶᠤᠯ ᠤᠨ ᠦᠢᠯᠡᠴᠢᠯᠡᠭᠡ ᠬᠠᠩᠭᠠᠵᠤ᠂ ᠪᠦᠬᠦ ᠠᠷᠠᠳ ᠢᠶᠠᠷ ᠢᠶᠠᠨ ᠨᠣᠮ ᠪᠢᠴᠢᠭ ᠤᠩᠰᠢᠬᠤ᠂ ᠰᠤᠶᠤᠯ ᠤᠨ ᠠᠭᠤᠷ | ᠠᠮᠢᠰᠬᠤᠯ ᠢ ᠪᠤᠢ ᠪᠤᠯᠭᠠᠵᠤ᠂ ᠬᠦᠳᠡᠭᠡ ᠨᠤᠲᠤᠭ ᠤᠨ ᠰᠠᠭᠤᠭᠠᠯᠢ ᠠᠷᠠᠳ ᠤᠨ ᠨᠣᠮ ᠬᠤᠳᠠᠯᠳᠤᠨ ᠠᠪᠬᠤ ᠳᠤ | ᠳᠦᠭᠦᠮ ᠦᠭᠡᠢ᠂ ᠨᠣᠮ ᠵᠢᠭᠡᠯᠡᠬᠦ ᠳᠤ ᠲᠦᠪᠡᠭ ᠲᠠᠢ ᠪᠠᠶᠢᠬᠤ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠵᠦ᠂ | ᠲᠡᠳᠡᠨ ᠤ ᠰᠤᠶᠤᠯ ᠤᠨ ᠠᠮᠢᠳᠤᠷᠠᠯ ᠢ ᠬᠦᠭᠵᠢᠶᠡᠨ ᠲᠠᠢ ᠪᠤᠯᠭᠠᠨ ᠵᠤᠬᠢᠬᠤ ᠬᠡᠮᠵᠢᠶᠡᠨ ᠳᠤ ᠪᠠᠶᠠᠯᠢᠭᠵᠢᠭᠤᠯᠵᠤ᠂ | ᠰᠤᠶᠤᠯ ᠤᠨ ᠬᠦᠷᠦᠰᠦᠨ ᠤ ᠵᠤᠵᠠᠭᠠᠷᠠᠯᠲᠠ ᠶᠢ ᠳᠦᠯᠬᠢᠨ ᠠᠬᠢᠭᠤᠯᠬᠤ ᠳᠤ ᠦᠢᠯᠡᠳᠦᠯ ᠦᠵᠡᠭᠦᠯᠬᠦ ᠶᠢ ᠴᠢᠷᠮᠠᠶᠢᠨ | ᠪᠡᠶᠡᠯᠡᠭᠦᠯᠵᠦ ᠪᠠᠶᠢᠨ᠎ᠠ᠃ | |