ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠬᠥᠳᠡᠭᠡ ᠲᠣᠰᠬᠤᠨ ᠳᠤ ᠬᠦᠷᠭᠡᠨ ᠠᠷᠠᠳ ᠤᠨ ᠰᠡᠳᠬᠢᠯ ᠢ ᠲᠤᠯᠠᠭᠠᠴᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/12/10
     12 ᠰᠠᠷ᠎ᠠ ᠶᠢᠨ 2᠎ ᠤᠨ ᠡᠳᠦᠷ ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠲᠣᠪᠴᠢᠶ᠎ᠠ ᠠᠴᠠ ᠲᠠᠭᠠᠭᠠᠴᠢᠯᠠᠨ ᠡᠷᠭᠢᠯᠡᠭᠰᠡᠨ ︽ᠦᠨᠳᠦᠰᠦᠨ ᠬᠠᠤᠯᠢ ᠶᠢ ᠬᠥᠳᠡᠭᠡ ᠲᠣᠰᠬᠤᠨ ᠳᠤ ᠬᠦᠷᠬᠡᠬᠦ︾ ᠭᠤᠤᠯ ᠰᠡᠳᠦᠪᠲᠦ ᠠᠵᠢᠯᠯᠠᠭ᠎ᠠ ᠰᠤᠪᠤᠷᠭ᠎ᠠ ᠪᠠᠯᠭᠠᠰᠤᠨ ᠤ ᠢ ᠹᠧᠩ ᠵᠠᠶ ᠳᠤ ᠶᠠᠪᠤᠭᠳᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠶᠢ ᠰᠤᠷᠴᠤ ᠬᠡᠷᠡᠭᠯᠡᠭᠰᠡᠨ100 ᠵᠢᠱᠢᠶ᠎ᠡ ᠦᠵᠡᠭᠦᠯᠬᠦ ᠡᠷᠦᠬᠡ ᠪᠠ 37 ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠶᠢ ᠬᠡᠷᠡᠭᠵᠢᠭᠦᠯᠬᠦ ᠠᠵᠢᠯᠲᠠᠨ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠨᠢ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠶ᠎ᠠ︾ ᠭᠡᠬᠦ ᠪᠠᠷ ᠭᠤᠤᠯ ᠰᠡᠳᠦᠪ ᠢᠶᠠᠨ ᠪᠤᠯᠭᠠᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠪᠥᠬᠦ ᠤᠷᠤᠯᠴᠠᠬᠰᠠᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠢᠨ ᠬᠠᠮᠲᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ᠂ ᠮᠠᠯ ᠠᠵᠤ ᠠᠬᠤᠶ ᠲᠠᠷᠢᠶᠠᠯᠠᠩ ᠳᠤ ᠬᠤᠯᠪᠣᠭᠳᠠᠬᠤ ᠬᠠᠤᠯᠢ ᠴᠠᠭᠠᠵᠠ ᠶᠢᠨ ᠲᠠᠶᠢᠯᠤᠮᠵᠢ ᠶᠢ ᠰᠣᠨᠣᠰᠪᠠ᠃ ᠡᠭᠦᠨ ᠤ ᠬᠠᠮᠲᠤ ᠬᠠᠷᠢᠯᠴᠠᠨ ᠬᠦᠳᠡᠯᠤᠯᠴᠠᠬᠦ ᠭᠡᠯᠪᠡᠷᠢ ᠪᠠᠷ ᠤᠬᠠᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠤᠷᠢᠶ᠎ᠠ ᠯᠣᠽᠦ᠋ᠩ ᠢ ᠨᠠᠭᠠᠵᠤ ᠡᠯᠭᠦᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠪᠥᠬᠦ ᠬᠤᠲᠠ ᠶᠢᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠵᠠᠭᠤᠨ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠨ ᠣᠯᠠᠨ ᠲᠦᠮᠡᠨ ᠤ ᠠᠩᠬᠠᠷᠴᠤ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ᠲᠡᠵᠢᠭᠡᠨ ᠦᠷᠡᠵᠢᠭᠦᠯᠬᠦ ᠮᠡᠷᠭᠡᠵᠢᠯ᠂ ᠬᠡᠷᠡᠭᠯᠡᠭᠡᠨ ᠤ ᠠᠮᠤᠷ ᠲᠦᠪᠰᠢᠨ ᠵᠡᠷᠭᠡ ᠲᠠᠯ᠎ᠠ ᠶᠢᠨ ᠠᠰᠠᠭᠤᠳᠠᠯ ᠳᠤ ᠲᠤᠬᠠᠶ ᠶᠢᠨ ᠲᠠᠯᠠᠪᠠᠶ ᠳᠤ ᠲᠠᠶᠢᠯᠤᠮᠵᠢ ᠬᠢᠵᠦ᠂ ᠬᠠᠤᠯᠢ ᠴᠠᠭᠠᠵᠠ ᠶᠢᠨ ᠮᠠᠯᠴᠢᠨ ᠲᠠᠷᠢᠶᠠᠴᠢᠨ ᠳᠤ ᠤᠶᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠪᠡ᠃        ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠦᠰ᠂ ᠲᠤᠰ ᠤᠳᠠᠭ᠎ᠠ ᠶᠢᠨ ᠲᠠᠶᠢᠯᠤᠮᠵᠢ ᠪᠣᠯᠤᠨ ᠬᠠᠷᠢᠭᠤᠯᠲᠠ ᠨᠢ ᠤᠨᠤᠯ ᠤᠨ ᠭᠦᠨᠴᠡ ᠲᠠᠢ ᠪᠥᠭᠡᠳ ᠠᠮᠢᠳᠤᠷᠠᠯ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠦᠭᠡ ᠬᠡᠯᠡ ᠠᠮᠢᠳᠤᠯᠢᠭ᠂ ᠣᠶᠢᠯᠠᠭᠠᠮᠵᠢᠲᠠᠢ ᠪᠠᠶᠢᠵᠤ᠂ ᠲᠡᠳᠡᠨ ᠳᠤ ᠶᠡᠭᠡ ᠠᠰᠢᠭ ᠬᠦᠷᠲᠡᠭᠡᠵᠡᠢ ᠭᠡᠵᠦ ᠢᠯᠡᠳᠬᠡᠵᠡᠭᠡᠪᠡ᠃                          
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号