ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠬᠠᠤᠯᠢ ᠶᠢᠨ ᠤᠬᠠᠭᠤᠯᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2021/12/10
     ᠣᠶᠢᠷ᠎ᠠ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠯᠠᠨ  ᠵᠦᠢᠯ ᠤᠨ ᠬᠡᠯᠪᠡᠷᠢ ᠶᠢᠨ ︽ᠠᠶᠤᠯᠭᠦᠶ ᠦᠢᠯᠡᠳᠪᠦᠷᠢᠯᠡᠯ ᠤᠨ ᠬᠠᠤᠯᠢ︾᠎ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠵᠦ᠂ ᠠᠮᠤᠷ ᠲᠦᠪᠰᠢᠨ ᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ︽ᠠᠶᠤᠯᠭᠦᠶ ᠬᠥᠭᠵᠢᠯᠲᠡ︾᠎ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠶ᠃ ᠡᠭᠦᠨ ᠤ ᠬᠠᠮᠲᠤ᠂ ᠡᠷᠬᠡ ᠰᠦᠷᠲᠦ ᠲᠤᠰᠬᠠᠢ ᠮᠡᠷᠭᠡᠵᠢᠯᠲᠡᠨ ᠢ ᠤᠷᠢᠵᠤ᠂ ᠠᠵᠤ ᠠᠬᠤᠶᠢᠯᠠᠯ ᠳᠤ ᠭᠦᠨᠵᠡᠭᠡᠶᠢᠷᠡᠨ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠭᠡᠮ ᠰᠣᠭᠤᠭ ᠢ ᠪᠠᠶᠢᠴᠠᠭᠠᠨ ᠴᠡᠭᠴᠡᠯᠡᠬᠦ ᠬᠦᠴᠦᠯᠡᠴᠡ ᠪᠠᠨ ᠨᠡᠮᠡᠭᠳᠡᠭᠦᠯᠵᠦ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃      ᠣᠶᠢᠯᠠᠭᠠᠭᠰᠠᠨ ᠢᠶᠠᠷ᠂ 2021 ᠣᠨ ᠳᠤ᠂ ᠪᠥᠬᠦ ᠬᠤᠰᠢᠭᠤ ᠨᠡᠶᠢᠲᠡ 380 ᠪᠠᠶᠢᠴᠠᠭᠠᠬᠤ ᠠᠵᠢᠯ ᠤᠨ ᠳᠤᠭᠤᠶᠢᠯᠠᠩ᠂  ᠪᠠᠶᠢᠴᠠᠭᠠᠬᠤ ᠠᠵᠢᠯᠲᠠᠨ 17338 ᠬᠥᠮᠦᠨ ᠤᠳᠠᠭ᠎ᠠ ᠶᠢ ᠲᠣᠮᠢᠯᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ 4576 ᠡᠷᠦᠬᠡ ᠤᠳᠠᠭ᠎ᠠ ᠪᠠᠶᠢᠴᠠᠭᠠᠨ᠂ 8308 ᠲᠠᠯᠳᠠ ᠬᠡᠮ ᠢ  ᠪᠠᠶᠢᠴᠠᠭᠠᠨ ᠭᠠᠷᠭᠠᠪᠠ᠂ ᠣᠳᠣᠬᠠᠨ ᠳᠤ᠂ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ  ᠲᠠᠭᠤᠰᠬᠠᠬᠰᠠᠨ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号