ᠰᠦᠯᠵᠢᠶᠡᠨ ᠤᠳᠤᠳ ︽ᠪᠣᠳᠠᠰ ᠤᠨ ᠪᠤᠰᠤ ᠰᠣᠶᠣᠯ ᠤᠨ ᠥᠪ ︾᠎ ᠢ ᠰᠤᠨᠢᠷᠬᠠᠵᠦ᠂ ᠰᠤᠶᠤᠯ ᠤᠨ ᠬᠠᠪᠤ ᠴᠡᠩᠬᠡᠯ ᠢ ᠡᠳ᠋ᠯᠡᠵᠦ ᠪᠠᠶᠢᠨ᠎ᠠ
ᠨᠡᠶᠢᠲᠡᠯᠡᠭᠰᠡᠨ ᠴᠠᠭ᠄
2021/12/10
    10 ᠰᠠᠷ᠎ᠠ ᠶᠢᠨ 12᠎ ᠤᠨ ᠡᠳᠦᠷ᠂ ︽ᠦᠵᠡᠰᠬᠦᠯᠡᠩᠲᠦ ᠰᠠᠶᠢᠬᠠᠨ ᠬᠤᠲᠠ ᠬᠢᠶ᠎ᠠ ᠪᠠᠭᠰᠢ᠂  ᠦᠵᠡᠮᠵᠢᠳᠦ ᠨᠤᠮᠢᠨ ᠡᠵᠡᠨ ᠬᠤᠷᠤᠭ᠎ᠠ ᠬᠤᠰᠢᠭᠤ︾ ᠪᠥᠬᠦ ᠤᠯᠤᠰ ᠤᠨ ᠣᠬᠤᠷ ᠸᠢᠳᠢᠣ᠋ ᠎ ᠶᠢᠨ ᠵᠣᠬᠢᠶᠠᠨ ᠪᠦᠲᠦᠭᠡᠭᠴᠢᠳ ᠤᠨ ᠶᠡᠭᠡ ᠬᠤᠷᠠᠯ ᠤᠨ  ᠵᠠᠭᠤᠨ ᠨᠡᠷ᠎ᠡ ᠰᠦᠯᠵᠢᠶᠡᠨ ᠤᠳᠤᠳ ᠡᠵᠡᠨ ᠬᠤᠷᠤᠭ᠎ᠠ  ᠪᠠᠯᠭᠠᠰᠤᠨ ᠳᠤ ᠬᠦᠨᠵᠡᠬᠡᠶᠢᠷᠡᠨ᠂ ᠪᠠᠶᠠᠨᠴᠠᠩᠬᠤᠭ ᠤᠨ ᠲᠠᠯ᠎ᠠ ᠨᠤᠲᠤᠭ ᠲᠤ ᠬᠦᠷᠴᠦ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠬᠤ ︽ᠣᠷᠳᠣᠰ ᠬᠤᠷᠢᠮ︾᠎ ᠢ ᠰᠣᠨᠢᠷᠬᠠᠵᠤ᠂ ᠲᠡᠳᠡᠨ ᠳᠤ ᠠᠳᠠᠯᠢ ᠪᠤᠰᠤ ᠬᠠᠷᠠᠭᠠᠨ ᠤ ᠲᠠᠭᠠᠷᠢᠯᠲᠠ ᠪᠠ ᠤᠷᠠᠯᠢᠭ ᠤᠨ ᠲᠥᠷᠥᠭᠳᠡᠯ ᠣᠯᠭᠤᠪᠠ᠃      ᠰᠦᠯᠵᠢᠶᠡᠨ ᠤᠳᠤᠳ ᠦᠨᠳᠦᠰᠦᠲᠡᠨ ᠤ ᠬᠤᠪᠴᠠᠰᠤ ᠡᠮᠦᠰᠴᠤ  ᠂ ᠣᠷᠳᠣ ᠶᠢᠨ ᠳᠠᠭᠤᠤ᠂ ᠬᠦᠭᠵᠢᠮ ᠤᠨ ᠲᠣᠭᠯᠠᠯᠲᠠ᠂ ᠤᠯᠠᠮᠵᠢᠯᠠᠯᠲᠤ ᠮᠣᠩᠭᠤᠯ ᠪᠥᠵᠢᠭ ᠢ  ᠪᠡᠶᠡᠴᠢᠯᠡᠨ ᠤᠶᠢᠯᠠᠭᠠᠵᠦ᠂ ᠲᠠᠯ᠎ᠠ ᠨᠤᠲᠤᠭ ᠲᠤ ᠮᠣᠷᠢ ᠤᠨᠤᠵᠤ ᠳᠠᠪᠬᠢᠭᠤᠯᠤᠨ᠂ ᠰᠤᠷ ᠬᠠᠷᠪᠤᠵᠦ᠂ ᠮᠣᠩᠭᠤᠯ ᠰᠢᠲᠠᠷ᠎ᠠ ᠪᠠᠷ ᠦᠵᠡᠯᠴᠡᠵᠦ᠂ ︽ᠪᠣᠳᠠᠰ ᠤᠨ ᠪᠤᠰᠤ ᠰᠣᠶᠣᠯ ᠤᠨ ᠥᠪ︾᠎ ᠲᠤ ᠤᠶᠢᠷᠠᠳᠤᠨ᠂ ︽ᠪᠣᠳᠠᠰ ᠤᠨ ᠪᠤᠰᠤ ᠰᠣᠶᠣᠯ ᠤᠨ ᠥᠪ︾᠎ ᠢ ᠡᠳ᠋ᠯᠡᠪᠡ᠃      ᠲᠣᠰ ᠤᠳᠠᠭᠠᠨ ᠤ ᠠᠵᠢᠯᠯᠠᠭ᠎ᠠ ᠪᠣᠯ ᠡᠵᠡᠨ ᠬᠤᠷᠤᠭ᠎ᠠ ᠬᠤᠰᠢᠭᠤ ᠰᠢᠨ᠎ᠡ ᠵᠠᠭᠤᠴᠢᠯᠠᠭᠤᠷ ᠢ ᠬᠡᠷᠡᠭᠯᠡᠨ᠂ ᠣᠬᠤᠷ ᠸᠢᠳᠢᠣ᠋ ᠵᠡᠷᠭᠡ ᠶᠢ ᠠᠰᠢᠬᠯᠠᠨ᠂ ᠬᠤᠲᠠ ᠶᠢᠨ ᠰᠣᠶᠣᠯ ᠢ ᠲᠠᠶᠢᠯᠪᠤᠷᠢᠯᠠᠬᠤ᠂ ᠬᠤᠲᠠ ᠶᠢᠨ ᠳᠦᠷᠢ ᠲᠥᠷᠬᠦ ᠶᠢ ᠢᠯᠡᠷᠡᠭᠦᠯᠬᠦ ᠳᠤ ᠠᠰᠢᠭᠲᠠᠶ ᠲᠤᠷᠰᠢᠯᠲᠠ ᠪᠠ ᠰᠦᠪᠡᠭᠴᠢᠯᠡᠯ ᠪᠣᠯᠤᠨ᠎ᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠦᠯᠵᠢᠶᠡᠨ  ᠤᠳᠤᠳ ᠲᠣᠰ ᠤᠳᠠᠭᠠᠨ ᠤ ᠠᠶᠠᠯᠠᠯ ᠤᠨ ᠢᠶᠠᠨ ᠳᠦᠷᠰᠦ ᠰᠢᠩᠭᠡᠭᠡᠯᠲᠡ ᠶᠢ ᠴᠤᠤᠷᠢᠶᠠᠨ ᠤ ᠲᠠᠪᠴᠠᠩ ᠳᠤ ᠨᠡᠶᠢᠲᠡᠯᠡᠵᠦ᠂ ᠲᠣᠰ ᠪᠡᠶ᠎ᠡ ᠶᠢᠨ ᠨᠥᠯᠥᠭᠡᠯᠡᠬᠦ ᠬᠦᠴᠦᠨ ᠢᠶᠠᠷ ᠳᠠᠮᠵᠢᠭᠤᠯᠤᠨ ᠦᠵᠡᠮᠵᠢᠳᠦ ᠨᠤᠮᠢᠨ ᠡᠵᠡᠨ ᠬᠤᠷᠤᠭ᠎ᠠ  ᠬᠤᠰᠢᠭᠤ ᠶᠢᠨ ᠳᠦᠷᠢ ᠲᠥᠷᠬᠦ᠂ ᠦᠨᠦᠷ ᠠᠮᠲᠠ᠂ ᠠᠷᠠᠳ ᠤᠨ ᠵᠠᠩ ᠦᠢᠯᠡ ᠶᠢᠨ ᠰᠣᠶᠣᠯ ᠢ ᠬᠦᠢᠴᠡᠳ ᠳᠡᠯᠭᠡᠨ ᠦᠵᠡᠭᠦᠯᠵᠦ᠂ ᠨᠠᠩ ᠣᠯᠠᠨ ᠬᠥᠮᠦᠰ ᠲᠤ ᠡᠵᠡᠨ ᠬᠤᠷᠤᠭ᠎ᠠ ᠶᠢ ᠣᠶᠢᠯᠠᠭᠠᠭᠤᠯᠵᠤ᠂ ᠡᠵᠡᠨ ᠬᠤᠷᠤᠭ᠎ᠠ ᠶᠢ ᠪᠠᠭ᠋ᠠᠷᠬᠠᠬᠤ ᠪᠤᠯᠭᠠᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号