ᠨᠠᠮ ᠤᠨ ᠪᠠᠶᠢᠭᠤᠯᠤᠯᠲᠠ ᠪᠠᠷ ᠬᠠᠮᠲᠤᠷᠠᠯ ᠬᠦᠴᠦᠨ ᠢ ᠨᠢᠭᠲᠠᠷᠠᠭᠤᠯᠵᠤ ᠬᠥᠳᠡᠭᠡ ᠠᠵᠤ ᠠᠬᠤᠶ ᠳᠤ ᠤᠶᠢᠯᠡᠴᠢᠯᠡᠬᠦ ᠶᠢ ᠳᠠᠬᠢᠨ ᠲᠠᠰ ᠲᠡᠪᠰᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2021/12/10
                                               7 ᠰᠠᠷ᠎ᠠ ᠶᠢᠨ 5᠎ ᠤ ᠡᠳᠦᠷ᠂ ︽ᠡᠵᠡᠨ ᠬᠤᠷᠤᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ᠂ ᠱᠧᠨ ᠳ᠋ᠦᠩ ᠲᠢᠶᠠᠨ ᠯᠦᠩ ᠪᠦᠯᠦᠭᠯᠡᠯ᠂ ᠬᠤᠲᠣᠩ ᠤᠨ ᠰᠦᠮ᠎ᠡ ᠭᠠᠴᠠᠭ᠎ᠠ᠂ ᠣᠷᠳᠣᠰ ᠤᠨ ᠰᠣᠨᠢᠨ ᠤ ᠤᠶᠢᠯᠡᠰ ᠤᠨ ᠪᠠᠷᠠᠭᠠᠨ ᠤ ᠬᠦᠢᠯᠭᠡᠭᠡ᠂ ᠣᠷᠳᠣᠰ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ ᠶᠢᠨ ᠬᠠᠮᠲᠤᠷᠠᠭᠰᠠᠨ ᠨᠠᠮ ᠤᠨ ᠡᠭᠦᠷ︾ ᠪᠠ ︽ᠡᠵᠡᠨ ᠬᠤᠷᠤᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠲᠣᠩ ᠤᠨ ᠰᠦᠮ᠎ᠡ ᠭᠠᠴᠠᠭᠠᠨ ᠤ ᠠᠷᠠᠳ ᠲᠤ ᠤᠶᠢᠯᠡᠴᠢᠯᠡᠭᠦ ᠲᠥᠪ︾ ᠪᠠᠶᠢᠭᠤᠯᠤᠭᠳᠠᠪᠠ᠃      ᠣᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠲᠣᠩ ᠤᠨ ᠰᠦᠮ᠎ᠡ ᠭᠠᠴᠠᠭᠠᠨ ᠤ ᠠᠷᠠᠳ ᠲᠤ ᠤᠶᠢᠯᠡᠴᠢᠯᠡᠬᠦ ᠲᠥᠪ ᠪᠣᠯ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠭᠦᠳᠦᠨ ᠪᠠᠶᠢᠭᠤᠯᠤᠭᠰᠠᠨ ᠲᠠᠷᠢᠶᠠᠯᠠᠩ ᠳᠤ ᠤᠶᠢᠯᠡᠴᠢᠯᠡᠬᠦ ᠶᠡᠷᠦᠩᠬᠡᠶᠢᠯᠡᠭᠰᠡᠨ ᠲᠠᠪᠴᠠᠩ ᠪᠣᠯᠤᠨ᠎ᠠ᠂ ᠰᠠᠶ᠋ᠢᠬᠠᠨ ᠪᠠᠶᠢᠭᠤᠯᠤᠭᠳᠠᠭᠰᠠᠨ ᠬᠠᠮᠲᠤᠷᠠᠭᠰᠠᠨ ᠨᠠᠮ ᠤᠨ ᠡᠭᠦᠷ ᠲᠤ ᠲᠦᠰᠢᠭᠯᠡᠨ᠂ ᠭᠤᠤᠯᠳᠠᠭᠤ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠳᠤ ᠡᠳᠦᠷ ᠲᠤᠲᠤᠮ ᠤᠨ ᠬᠡᠷᠡᠭᠯᠡᠭᠡᠨ ᠤ ᠵᠤᠶᠢᠯ ᠤᠨ ᠬᠠᠩᠭᠠᠯᠭ᠎ᠠ᠂ ᠲᠦᠷᠭᠡᠨ ᠬᠦᠷᠭᠡᠯᠲᠡ ᠶᠢᠨ ᠬᠤᠷᠢᠶᠠᠵᠤ ᠲᠠᠷᠬᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ᠂ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠢ ᠪᠣᠷᠣᠯᠠᠭᠤᠯᠬᠤ᠂ ᠵᠣᠭᠤᠰ ᠬᠠᠳᠠᠭᠠᠯᠠᠵᠤ ᠭᠠᠷᠭᠠᠬᠤ᠂ ᠰᠤᠶᠢᠳᠭᠡᠯ ᠲᠤᠰᠢᠶᠠᠬᠤ᠂ ᠡᠯ᠎ᠡ ᠲᠥᠷᠥᠯ ᠤᠨ ᠪᠢᠯᠧᠲ ᠢ ᠤᠷᠢᠳᠴᠢᠯᠠᠨ  ᠵᠠᠬᠢᠶᠠᠯᠠᠬᠤ᠂ ᠪᠠᠶᠢᠴᠠᠭᠠᠨ ᠯᠠᠪᠯᠠᠬᠤ ᠵᠡᠷᠭᠡ ᠤᠶᠢᠯᠡᠴᠢᠯᠡᠭᠡ ᠬᠠᠩᠭᠠᠨ᠎ᠠ᠃      ᠠᠵᠢᠯᠯᠠᠭᠠᠨ ᠤ ᠲᠤᠬᠠᠶ ᠶᠢᠨ ᠡᠳᠦᠷ ᠪᠠᠰᠠ ᠨᠠᠮ ᠳᠤ ᠪᠠᠨ ᠳᠠᠬᠢᠨ ᠲᠠᠩᠭᠠᠷᠢᠭᠯᠠᠬᠤ᠂ ᠬᠠᠪᠰᠤᠷᠤᠨ ᠲᠡᠳᠬᠦᠬᠦ ᠪᠠᠯᠠ ᠮᠥᠩᠭᠦ ᠬᠠᠨᠳᠢᠪᠯᠠᠬᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠵᠢᠴᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠎ ᠤᠨ ᠰᠤᠷᠤᠯᠴᠠᠯᠭ᠎ᠠ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠣᠭ ᠰᠠᠨᠠᠭ᠎ᠠ ᠪᠠᠨ ᠥᠯᠥ ᠮᠠᠷᠳᠠᠨ᠂ ᠡᠷᠡᠮᠡᠬᠡᠶᠢᠯᠡᠨ ᠤᠷᠤᠭᠰᠢᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠤᠯᠠᠮ ᠨᠢᠭᠡ ᠠᠯᠬᠤᠮ ᠵᠤᠷᠢᠭᠵᠢᠭᠤᠯᠤᠭᠰᠠᠨ ᠪᠠᠶᠢᠨ᠎ᠠ᠃      ᠰᠤᠷᠪᠤᠯᠵᠢᠯᠠᠭ᠎ᠠ᠄ ᠲᠠᠷᠠᠭᠠᠴᠢ ᠶᠢᠨ ᠠᠯᠬᠤᠮ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠠᠵᠤ ᠠᠬᠤᠶ ᠳᠤ  ᠤᠶᠢᠯᠡᠴᠢᠯᠡᠬᠦ ᠲᠥᠪ ᠤᠨ ᠬᠢᠯᠠᠰ ᠴᠡᠭ ᠢ ᠪᠣᠶ ᠪᠣᠯᠭᠠᠬᠤ ᠶᠢᠨ ᠬᠠᠮᠲᠤ ᠡᠬᠦᠨ ᠢ ᠦᠷᠭᠡᠨ ᠢᠶᠠᠷ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠬᠦᠰᠡᠵᠦ ᠰᠠᠨᠠᠭᠰᠠᠨ᠂ ᠵᠤᠪᠠᠵᠤ ᠭᠠᠴᠢᠭᠳᠠᠵᠤ ᠪᠠᠶᠢᠭ᠎ᠠ ᠠᠰᠠᠭᠤᠳᠠᠯ ᠤᠳ ᠢ  ᠰᠢᠢᠳᠪᠤᠷᠢᠯᠡᠬᠦ ᠪᠠᠷ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号