| 10 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠠᠷᠪᠠᠨ | ᠬᠤᠶᠠᠳᠤᠭᠠᠷ ᠬᠤᠭᠤᠴᠠᠭᠠᠨ ᠤ ᠰᠢᠨᠵᠢᠯᠡᠭᠡ ᠮᠡᠷᠭᠡᠵᠢᠯ ᠤᠨ ᠨᠠᠶᠢᠷ ᠵᠢᠴᠢ ᠶᠢᠰᠦᠳᠦᠭᠡᠷ ᠬᠤᠭᠤᠴᠠᠭᠠᠨ ᠤ | ᠠᠨᠤᠮᠤᠢ ᠶᠢᠨ ᠠᠵᠢᠯᠯᠠᠭ᠎ᠠ ᠶᠢᠨ ᠰᠠᠷ᠎ᠠ ᠡᠵᠡᠨ ᠬᠤᠷᠤᠭ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ | ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠃ ᠲᠤᠬᠠᠶ ᠶᠢᠨ ᠡᠳᠦᠷ᠂ ᠨᠢᠭᠡ ᠭᠠᠷᠠᠭ ᠤᠨ ᠬᠤᠭᠤᠴᠠᠭ᠎ᠠ ᠲᠠᠢ | ᠶᠠᠪᠤᠭᠳᠠᠬᠤ ︽ᠰᠢᠨᠵᠢᠯᠡᠭᠡ ᠮᠡᠷᠭᠡᠵᠢᠯ ᠢ ᠬᠠᠨᠤᠮᠵᠢᠳᠠᠢ ᠡᠳ᠋ᠯᠡᠵᠦ ᠠᠨᠤᠮᠤᠢ ᠲᠠᠢ ᠪᠤᠯᠵᠤᠬᠤ︾ ᠡᠵᠡᠨ ᠬᠤᠷᠤᠭ᠎ᠠ | ᠬᠤᠰᠢᠭᠤᠨ ᠤ ᠰᠢᠨᠵᠢᠯᠡᠭᠡ ᠮᠡᠷᠭᠡᠵᠢᠯ ᠠᠨᠤᠮᠤᠢ ᠶᠢᠨ ᠨᠠᠶᠢᠷ ᠬᠦᠰᠢᠭᠡ ᠪᠠᠨ ᠢᠷᠠᠪᠠ᠃ | ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ︽ᠰᠢᠨᠵᠢᠯᠡᠭᠡ ᠮᠡᠷᠭᠡᠵᠢᠯ ᠢ ᠬᠠᠨᠤᠮᠵᠢᠳᠠᠢ ᠡᠳ᠋ᠯᠡᠵᠦ ᠠᠨᠤᠮᠤᠢ | ᠲᠠᠢ ᠪᠤᠯᠵᠤᠬᠤ︾ ᠭᠤᠤᠯ ᠰᠡᠳᠦᠪᠲᠦ ᠦᠵᠡᠬᠦᠯᠭᠡ ᠪᠠᠶᠢᠬᠤ ᠪᠠᠷ ᠪᠠᠷᠠᠬᠤ ᠥᠬᠡᠶ᠂ ᠪᠠᠰᠠ VR ᠪᠡᠶᠡᠴᠢᠯᠡᠨ | ᠤᠶᠢᠯᠠᠭᠠᠬᠤ᠂ ᠬᠡᠷᠡᠯ ᠰᠡᠭᠦᠳᠡᠷ ᠤᠨ ᠦᠢᠯᠡᠳᠦᠯᠴᠡᠯ ᠢ ᠤᠶᠢᠯᠠᠭᠠᠬᠤ᠂ ᠤᠶᠤᠨᠴᠢᠷ ᠮᠡᠷᠭᠡᠵᠢᠯ ᠤᠨ ᠬᠥᠮᠦᠵᠢᠯ᠂ | ᠡᠬᠦᠳᠦᠨ ᠪᠦᠳᠦᠭᠡᠭᠴᠢ ᠶᠢᠨ ᠬᠥᠮᠦᠵᠢᠯ᠂ 3 D ᠡᠬᠦᠳᠦᠨ ᠪᠦᠳᠦᠭᠡᠭᠴᠢ ᠶᠢᠨ ᠬᠤᠷᠰᠢᠯᠴᠠᠵᠤ ᠪᠡᠶᠡᠴᠢᠯᠡᠨ | ᠣᠶᠢᠯᠠᠭᠠᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠡᠬᠦᠳᠦᠨ ᠪᠦᠳᠦᠭᠡᠭᠴᠢ ᠶᠢᠨ ᠬᠤᠷᠰᠢᠯᠴᠠᠵᠤ ᠪᠡᠶᠡᠴᠢᠯᠡᠨ | ᠣᠶᠢᠯᠠᠭᠠᠬᠤ ᠵᠡᠷᠭᠡ 17 ᠲᠥᠷᠥᠯ ᠤᠨ 50 ᠵᠦᠢᠯ ᠤᠨ ᠪᠡᠶᠡᠴᠢᠯᠡᠨ ᠣᠶᠢᠯᠠᠭᠠᠬᠤ ᠠᠵᠢᠯᠯᠠᠭᠠᠨ ᠤ ᠲᠥᠷᠥᠯ ᠵᠦᠢᠯ | ᠪᠣᠶ᠃ | ᠲᠣᠰ ᠬᠤᠭᠤᠴᠠᠭᠠᠨ ᠤ ᠰᠢᠨᠵᠢᠯᠡᠭᠡ ᠮᠡᠷᠭᠡᠵᠢᠯ ᠠᠨᠤᠮᠤᠢ ᠶᠢᠨ ᠠᠵᠢᠯᠯᠠᠭ᠎ᠠ ᠶᠢᠨ ᠰᠠᠷ᠎ᠠ ᠨᠢ ᠳᠡᠯᠭᠡᠨ | ᠦᠵᠡᠭᠦᠯᠬᠦ᠂ ᠰᠤᠯᠢᠯᠴᠠᠭ᠎ᠠ ᠬᠢᠬᠦ᠂ ᠤᠷᠤᠯᠳᠤᠭᠠᠨ ᠶᠠᠪᠤᠬᠳᠠᠭᠤᠯᠬᠤ᠂ ᠨᠠᠭᠠᠳᠤᠨ ᠴᠡᠩᠬᠡᠬᠦ᠂ ᠬᠠᠷᠢᠯᠴᠠᠨ | ᠦᠢᠯᠡᠳᠦᠯᠴᠡᠬᠦ ᠶᠢ ᠨᠢᠭᠡ ᠴᠣᠭᠴᠠᠵᠢᠭᠤᠯᠤᠭᠰᠠᠨ ᠠᠵᠢᠯᠯᠠᠭ᠎ᠠ ᠪᠠᠶᠢᠵᠦ ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠢᠶᠠᠷ ᠭᠤᠤᠯ ᠴᠣᠭᠴᠠ ᠪᠤᠯᠭᠠᠨ᠂ ᠰᠢᠨᠵᠢᠯᠡᠭᠡ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠪᠠ | ᠰᠢᠨ᠎ᠡ ᠶᠢ ᠡᠭᠦᠳᠬᠦ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠭᠤᠤᠯ ᠠᠭᠤᠯᠭ᠎ᠠ ᠪᠣᠯᠭᠠᠭᠰᠠᠨ ᠶᠡᠷᠦᠩᠬᠡᠶᠢᠯᠡᠭᠰᠡᠨ ᠬᠡᠪ | ᠴᠢᠨᠠᠷ ᠤᠨ ᠰᠤᠷᠭᠠᠨ ᠬᠥᠮᠦᠵᠢᠯ ᠤᠨ ᠦᠢᠯᠡᠳᠦᠯᠬᠡ ᠶᠢᠨ ᠠᠵᠢᠯᠯᠠᠭ᠎ᠠ ᠪᠤᠯᠤᠨ᠎ᠠ᠃ ᠮᠠᠨ ᠤ ᠬᠤᠰᠢᠭᠤᠨ ᠤ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠭᠡ ᠮᠡᠷᠭᠡᠵᠢᠯ ᠠᠨᠤᠮᠤᠢ ᠶᠢᠨ ᠠᠪᠢᠶᠠᠰ ᠴᠢᠳᠠᠪᠤᠷᠢ ᠪᠠ | ᠰᠢᠨᠵᠢᠯᠡᠭᠡ ᠮᠡᠷᠭᠡᠵᠢᠯ ᠠᠨᠤᠮᠤᠢ ᠶᠢᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠰᠢᠯᠢᠳᠡᠭ | ᠲᠠᠪᠴᠠᠩ ᠪᠠᠶᠢᠵᠤ᠂ ᠰᠤᠷᠤᠭᠴᠢᠳ ᠤᠨ ᠬᠠᠶᠢᠨ ᠰᠦᠪᠡᠭᠴᠢᠯᠡᠬᠦ᠂ ᠬᠠᠮᠵᠢᠯᠴᠠᠬᠤ᠂ ᠰᠢᠨ᠎ᠡ ᠶᠢ ᠡᠭᠦᠳᠬᠦ | ᠴᠢᠳᠠᠪᠤᠷᠢ ᠶᠢ ᠬᠥᠮᠦᠵᠢᠭᠦᠯᠬᠦ᠂ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ | ᠰᠠᠶᠢᠬᠠᠨ ᠬᠥᠳᠡᠯᠮᠦᠷᠢ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ | ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠢᠨᠵᠢᠯᠡᠭᠡ | ᠮᠡᠷᠭᠡᠵᠢᠯ ᠤᠨ ᠨᠠᠶᠢᠷ ᠵᠢᠴᠢ ᠶᠢᠰᠦᠳᠦᠭᠡᠷ ᠬᠤᠭᠤᠴᠠᠭᠠᠨ ᠤ ᠠᠨᠤᠮᠤᠢ ᠶᠢᠨ ᠠᠵᠢᠯᠯᠠᠭ᠎ᠠ ᠶᠢᠨ ᠰᠠᠷ᠎ᠠ ᠶᠢ ᠣᠷᠳᠣᠰ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠡᠬᠢᠯᠡᠯᠲᠡ ᠶᠢᠨ | ᠶᠣᠰᠣᠯᠠᠯ ᠢ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ | ᠳᠠᠭᠠᠭᠠᠴᠢᠯᠠᠨ ᠡᠷᠭᠢᠯᠡᠵᠦ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ | ᠪᠥᠬᠦᠶ ᠤᠳᠤᠷᠢᠳᠤᠯᠭ᠎ᠠ᠂ ᠡᠯ᠎ᠡ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠪᠥᠬᠦ | ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠡᠰᠡᠭ ᠵᠠᠬᠢᠷᠤᠯ᠂ ᠬᠡᠰᠡᠭ ᠪᠠᠭᠰᠢ ᠶᠢᠨ ᠲᠥᠯᠥᠭᠡᠯᠡᠭᠴᠢ᠂ | ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠣᠨᠣᠭᠯᠠᠯ ᠤᠨ ᠮᠡᠷᠭᠡᠵᠢᠯ ᠤᠨ ᠲᠥᠪ ᠤᠨ ᠬᠠᠮᠢᠶ᠎ᠠ ᠪᠥᠬᠦᠶ ᠤᠳᠤᠷᠢᠳᠤᠯᠭ᠎ᠠ᠂ ᠬᠥᠬᠡᠬᠤᠲᠠ᠂ | ᠪᠤᠭᠤᠲᠤ ᠵᠢᠴᠢ ᠱᠠᠨ ᠰᠢ ᠶᠢᠨ ᠱᠦᠸᠧ ᠵᠧᠤ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠢᠶ᠎ᠠ | ᠪᠥᠬᠦᠶ ᠤᠳᠤᠷᠢᠳᠤᠯᠭ᠎ᠠ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠪᠠ᠃ | | | | | | | |