ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ ᠎ᠠ ᠳᠡᠯᠭᠡᠭᠦᠷ ᠨᠢ ᠬᠦᠯᠤᠰᠤᠨ ᠠᠵᠢᠯᠴᠢᠨ ᠳᠤ ᠦᠨᠡᠨ ᠬᠦ ᠠᠰᠢᠭ ᠬᠦᠷᠲᠡᠭᠡᠵᠦ ᠪᠠᠶᠢᠬᠤ
ᠨᠡᠶᠢᠲᠡᠯᠡᠭᠰᠡᠨ ᠴᠠᠭ᠄
2021/12/10
     2021 ᠤᠨ ᠳᠤ ᠬᠡᠷᠡᠭᠯᠡᠯᠲᠡ ᠳᠤ ᠤᠷᠤᠭᠰᠠᠨ ᠬᠤᠰᠢᠭᠤᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠨᠢ ᠠᠵᠢᠨᠠᠢ ᠴᠡᠴᠡᠷᠯᠢᠭ ᠤᠨ ᠬᠤᠶᠢᠳᠤ ᠡᠭᠦᠳᠡᠨ ᠤ ᠡᠰᠡᠷᠭᠦ ᠲᠠᠯ᠎ᠠ ᠳᠤ ᠪᠠᠶᠢᠷᠢᠰᠢᠵᠤ᠂ ᠠᠯᠲᠠᠨᠰᠢᠷᠡᠭᠡ ᠪᠠᠯᠭᠠᠰᠤᠨ ᠳᠤ ᠬᠦᠯᠦᠰᠦᠨ ᠠᠵᠢᠯ ᠬᠢᠬᠦ ᠪᠠᠷ ᠢᠷᠡᠭᠰᠡᠳ ᠲᠤ ᠦᠢᠯᠡᠴᠢᠯᠡᠭᠡ ᠬᠠᠩᠭᠠᠵᠤ ᠡᠬᠢᠯᠡᠵᠡᠢ᠃ ᠲᠤᠰ ᠵᠠᠬ᠎ᠠ ᠳᠡᠯᠭᠡᠭᠦᠷ ᠲᠤ ᠬᠤᠭᠤᠯᠠᠨ ᠤ ᠭᠠᠵᠠᠷ᠂ ᠠᠵᠢᠯ ᠵᠥᠪᠳᠡᠨ ᠬᠡᠯᠡᠯᠴᠡᠬᠦ ᠣᠷᠣᠨ᠂ ᠦᠨ᠎ᠡ ᠲᠥᠯᠥᠪᠦᠷᠢ ᠦᠭᠡᠢ ᠪᠠᠷ ᠪᠡᠶ᠎ᠡ ᠤᠬᠢᠶᠠᠯᠭ᠎ᠠ ᠶᠢᠨ ᠭᠠᠵᠠᠷ ᠬᠠᠩᠭᠠᠨ᠂ WiFi᠂ ᠨᠣᠮ ᠵᠢᠭᠡᠯᠡᠨ ᠤᠩᠰᠢᠬᠤ ᠦᠷᠦᠭᠡ  ᠵᠡᠷᠭᠡ ᠲᠦᠬᠦᠭᠡᠷᠦᠮᠵᠢ ᠶᠢ ᠪᠦᠷᠢᠯᠳᠦᠭᠦᠯᠵᠦ᠂ ᠬᠦᠯᠦᠰᠦᠨ ᠠᠵᠢᠯᠴᠢᠨ ᠳᠤ  ᠦᠨᠡᠨ ᠬᠦ ᠠᠰᠢᠭ ᠬᠦᠷᠲᠡᠭᠡᠵᠦ ᠪᠠᠶᠢᠨ᠎ᠠ᠃      ᠬᠦᠯᠦᠰᠦᠨ ᠠᠵᠢᠯᠴᠢᠨ ᠤ ᠠᠵᠢᠯ ᠤᠯᠬᠤ ᠳᠤ ᠳᠦᠭᠦᠮ ᠦᠵᠡᠭᠦᠯᠬᠦ ᠶᠢᠨ ᠲᠦᠯᠦᠭᠡ᠂ ᠵᠠᠰᠠᠭ ᠤᠨ ᠤᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ᠂ ᠷᠧᠨ ᠼᠤᠩ ᠵᠤᠩ ᠬᠦᠮᠦᠨ ᠤ ᠬᠦᠴᠦᠨ ᠤ ᠡᠬᠢ ᠪᠠᠶᠠᠯᠢᠭ ᠤᠨ ᠺᠤᠮᠫᠠᠨᠢ ᠲᠠᠢ ᠬᠠᠪᠰᠤᠷᠤᠨ ᠠᠵᠢᠯᠯᠠᠵᠤ᠂ 500 ᠬᠦᠮᠦᠨ ᠤ ᠸᠢᠴᠠᠲ ᠬᠤᠯᠪᠤᠭ᠎ᠠ ᠵᠡᠷᠭᠡ ᠶᠢ ᠪᠠᠶᠢᠭᠤᠯᠤᠨ᠂ ᠬᠦᠳᠡᠯᠮᠦᠷᠢᠯᠡᠭᠴᠢ ᠡᠵᠡᠨ ᠮᠡᠳᠡᠨ ᠠᠵᠢᠯ ᠰᠤᠩᠭᠤᠬᠤ᠂ ᠵᠠᠬ᠎ᠠ ᠳᠡᠯᠭᠡᠭᠦᠷ ᠢᠶᠠᠷ ᠠᠵᠢᠯ ᠤᠯᠭᠤᠯᠲᠠ ᠶᠢ ᠵᠤᠬᠢᠴᠠᠭᠤᠯᠬᠤ ᠵᠠᠷᠴᠢᠮ ᠢ ᠪᠠᠷᠢᠮᠲᠠᠯᠠᠨ ᠠᠵᠢᠯᠯᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠠᠵᠢᠯᠴᠢᠳ ᠴᠥᠮ ᠳᠣᠲᠣᠭᠠᠳᠤ ᠶᠢ ᠬᠠᠮᠠᠭᠠᠯᠠᠬᠤ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠰᠢᠰᠲ᠋ᠧᠮ ᠳᠤ ᠳᠠᠩᠰᠠᠯᠠᠭᠤᠯᠵᠤ᠂ ᠬᠦᠮᠦᠨ ᠪᠦᠷᠢ ᠳᠤ ᠬᠤᠳᠠᠯᠳᠤᠭᠠᠨ ᠤ ᠰᠠᠨᠠᠭᠠᠨ ᠳᠤ ᠦᠬᠡᠢ ᠬᠡᠮᠳᠦᠯ ᠤᠨ ᠳᠠᠭᠠᠳᠬᠠᠯ ᠢ ᠬᠤᠳᠠᠯᠳᠤᠨ ᠠᠪᠴᠤ ᠦᠭᠬᠦᠨ᠂ ᠠᠵᠢᠯᠴᠢᠨ ᠬᠡᠷᠡᠭᠯᠡᠬᠦ ᠨᠢᠭᠡᠴᠢ ᠪᠣᠯᠤᠨ ᠬᠥᠯᠥᠰᠥᠯᠡᠭᠴᠢ ᠶᠢᠨ ᠲᠠᠲᠠᠭᠠᠯᠵᠠᠯ ᠡᠷᠡᠭᠡᠯᠵᠡᠭᠡ ᠶᠢ ᠲᠠᠶᠢᠯᠵᠤ ᠴᠢᠳᠠᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠲᠤᠰ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠨᠢ 11 ᠰᠠᠷ᠎ᠠ ᠶᠢᠨ 10᠎ ᠤ ᠡᠳᠤᠷ ᠪᠤᠯᠲᠠᠯ᠎ᠠ᠂ ᠳᠠᠩᠰᠠᠯᠠᠭᠤᠯᠤᠭᠰᠠᠨ ᠬᠦᠯᠦᠰᠦᠨ ᠠᠵᠢᠯᠴᠢᠨ ᠪᠦᠬᠦᠨ ᠠᠴᠠ ᠡᠳᠦᠷ ᠪᠦᠷᠢ ᠵᠦᠪᠬᠡᠨ 12 ᠲᠦᠭᠦᠷᠢᠭ ᠬᠤᠭᠤᠯᠠᠨ ᠤ ᠰᠦᠢᠳᠭᠡᠯ  ᠬᠤᠷᠢᠶᠠᠵᠤ᠂ ᠦᠨ᠎ᠡ ᠲᠦᠯᠦᠪᠦᠷᠢ ᠦᠭᠡᠢ ᠬᠤᠨᠤᠭ ᠤᠨ ᠭᠠᠵᠠᠷ ᠲᠤᠬᠢᠷᠠᠭᠤᠯᠬᠤ ᠪᠠᠷ ᠪᠠᠶᠢᠨ᠎ᠠ᠃ 11 ᠰᠠᠷ᠎ᠠ ᠶᠢᠨ 10᠎ ᠤ ᠡᠳᠤᠷ ᠠᠴᠠ ᠬᠤᠶᠢᠰᠢ᠂ ᠡᠳᠦᠷ ᠪᠦᠷᠢ 5 ᠲᠦᠭᠦᠷᠢᠭ ᠤᠨ ᠬᠤᠨᠤᠭ ᠤᠨ ᠰᠦᠢᠳᠭᠡᠯ᠂ 17 ᠲᠦᠭᠦᠷᠢᠭ ᠤᠨ ᠬᠤᠭᠤᠯᠠᠨ ᠰᠦᠢᠳᠭᠡᠯ ᠬᠤᠷᠢᠶᠠᠬᠤ ᠪᠤᠯᠤᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号