ᠮᠠᠨ ᠤ ᠬᠤᠰᠢᠭᠤᠨ ᠤ ᠴᠠᠬᠢᠯᠭᠠᠨ ᠱᠠᠲᠤ ᠨᠡᠮᠡᠵᠦ ᠤᠭᠰᠠᠷᠠᠬᠤ ᠠᠵᠢᠯ ᠰᠢᠨ᠎ᠡ ᠠᠬᠢᠴᠠ ᠲᠠᠢ ᠪᠤᠯᠪᠠ
ᠨᠡᠶᠢᠲᠡᠯᠡᠭᠰᠡᠨ ᠴᠠᠭ᠄
2021/12/13
         ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠲᠤ ᠴᠠᠬᠢᠯᠭᠠᠨ ᠱᠠᠲᠤ ᠦᠭᠡᠢ ᠠᠴᠠ ᠪᠣᠯᠵᠤ ᠵᠢᠷᠮᠤᠰᠤᠨ ᠪᠦᠰᠡᠬᠦᠢ᠂ ᠨᠠᠰᠤᠳᠠᠶᠢᠴᠤᠳ᠂  ᠵᠡᠮᠳᠡᠭᠴᠦᠳ ᠵᠡᠷᠭᠡ ᠬᠦᠮᠦᠰ ᠤᠨ ᠣᠷᠣᠵᠤ ᠭᠠᠷᠬᠤ ᠳᠤ ᠲᠤᠩ ᠳᠥᠭᠦᠮ ᠦᠭᠡᠢ ᠪᠠᠶᠢᠵᠤ᠂ ᠴᠠᠬᠢᠯᠭᠠᠨ ᠱᠠᠲᠤ  ᠎ ᠲᠠᠢ ᠪᠠᠶᠢᠬᠤ ᠶᠢ  ᠶᠡᠭᠡ ᠬᠦᠰᠡᠳᠡᠭ ᠪᠠᠶᠢᠯ᠎ᠠ᠃      ︽ᠴᠠᠬᠢᠯᠭᠠᠨ ᠱᠠᠲᠤ ᠦᠭᠡᠢ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠲᠥᠷᠥᠯ ᠵᠦᠢᠯ︾ 2019 ᠣᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠰᠣᠩᠭᠤᠭᠳᠠᠨ  ᠤᠷᠤᠭᠰᠠᠨ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠵᠢᠱᠢᠯᠳᠠ ᠪᠠᠷ ᠭᠤᠷᠪᠠᠨ ᠵᠢᠯ ᠤᠨ ᠳᠤᠲᠤᠷ᠎ᠠ ᠴᠠᠬᠢᠯᠭᠠᠨ ᠱᠠᠲᠤ ᠨᠡᠮᠡᠵᠦ ᠤᠭᠰᠠᠷᠠᠬᠤ ᠨᠥᠬᠦᠴᠡᠯ ᠳᠤ ᠨᠡᠶᠢᠴᠡᠭᠰᠡᠨ ᠣᠷᠣᠨ ᠰᠠᠭᠤᠴᠠ ᠳᠤ 860 ᠢᠵᠢ ᠴᠠᠬᠢᠯᠭᠠᠨ ᠱᠠᠲᠤ ᠤᠭᠰᠠᠷᠠᠵᠤ᠂  ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦ᠋ᠩᠰᠢᠭᠤᠷ ᠲᠥᠭᠦᠷᠢᠭ ᠲᠤ ᠬᠦᠷᠬᠦ ᠪᠣᠯᠤᠨ᠎ᠠ᠃ ᠣᠳᠤ ᠪᠣᠯᠬᠤ ᠳᠤ 18 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠨᠡᠶᠢᠲᠡ 105 ᠴᠠᠬᠢᠯᠭᠠᠨ ᠱᠠᠲᠤ ᠤᠭᠰᠠᠷᠠᠵᠤ᠂15 ᠡᠳᠦᠷ  ᠲᠤ ᠨᠢᠭᠡ ᠤᠳᠠᠭ᠎ᠠ  ᠬᠡᠪ ᠢᠶᠠᠷ ᠠᠵᠢᠯᠯᠠᠬᠤ ᠶᠢ ᠪᠠᠶᠢᠴᠠᠭᠠᠨ ᠬᠠᠮᠠᠭᠠᠯᠠᠵᠤ ᠪᠠᠶᠢᠨ᠎ᠠ᠃      ᠣᠶᠢᠯᠠᠭᠠᠭᠰᠠᠨ ᠢᠶᠠᠷ᠂ 2021 ᠣᠨ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠰᠠᠨᠠᠭᠠᠴᠢᠯᠠᠭᠰᠠᠨ 16 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠪᠠᠷᠢᠯᠭ᠎ᠠ ᠶᠢᠨ ᠠᠵᠢᠯ ᠤᠷᠤᠭᠰᠢᠲᠠᠢ ᠶᠠᠪᠤᠭᠳᠠᠵᠤ᠂ ᠵᠢᠱᠢᠯᠲᠡ ᠪᠠᠷ ᠵᠢᠯ ᠤᠨ ᠡᠴᠦᠰ ᠲᠤ ᠪᠦᠬᠦᠨ ᠢ ᠠᠰᠢᠭᠯᠠᠯᠲᠠ ᠳᠤ  ᠤᠷᠤᠭᠤᠯᠬᠤ ᠪᠠᠷ ᠪᠠᠶᠢᠨ᠎ᠠ᠃      ᠲᠣᠰ ᠲᠥᠷᠦᠯ ᠵᠦᠢᠯ ᠬᠡᠷᠡᠭᠵᠢᠭᠦᠯᠦᠭᠳᠡᠵᠦ᠂ ᠠᠯᠢ ᠣᠯᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠭᠰᠠᠨ ᠠᠴᠠ ᠰᠠᠭᠤᠭᠠᠯᠢ ᠠᠷᠠᠳ ᠤᠨ ᠤᠷᠤᠵᠤ ᠭᠠᠷᠬᠤ ᠳᠤ  ᠲᠦᠬᠦᠮ ᠦᠭᠡᠢ ᠪᠠᠶᠢᠭᠰᠠᠨ ᠠᠰᠠᠭᠤᠳᠠᠯ ᠢᠳᠡᠭ ᠢᠳᠡᠭ ᠢᠶᠠᠷ ᠰᠢᠢᠳᠪᠦᠷᠢᠯᠡᠭᠳᠡᠵᠦ  ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠦᠭᠳᠡᠯ ᠢ  ᠵᠤᠬᠢᠬᠤ ᠭᠡᠮᠵᠢᠶᠡᠨ ᠳᠤ ᠨᠡᠮᠡᠭᠳᠡᠬᠦᠯᠵᠦ ᠴᠢᠳᠠᠭᠰᠠᠨ ᠪᠠᠶᠢᠨ᠎ᠠ᠃                                    
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号