| ᠣᠶᠢᠷ᠎ᠠ ᠳᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠡᠷᠬᠢᠯᠡᠭᠰᠡᠨ | ᠦᠵᠡᠯ ᠰᠠᠨᠠᠭ᠎ᠠ ᠤᠯᠤᠰ ᠲᠥᠷᠥ ᠶᠢᠨ ᠰᠢᠨ᠎ᠡ ᠶᠢ ᠡᠬᠦᠳᠬᠦ ᠬᠢᠴᠢᠶᠡᠯ ᠪᠤᠯᠬᠤ ᠪᠦᠬᠦ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠲᠦᠷᠰᠦ ᠰᠢᠩᠭᠡᠭᠡᠯᠳᠡ ᠶᠢᠨ ᠤᠷᠤᠯᠳᠤᠭᠠᠨ ᠶᠠᠪᠤᠬᠳᠠᠪᠠ᠃ | ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠤᠨ ᠠᠯᠪᠠᠨ ᠭᠡᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮ | ᠵᠠᠭᠤᠴᠢᠯᠠᠭᠤᠷ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠷᠤᠯᠳᠤᠭᠠᠨ ᠳᠤ ᠣᠷᠣᠯᠴᠠᠪᠠ᠃ | ᠤᠷᠤᠯᠳᠤᠭᠠᠨ ᠳᠤ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠠᠭᠰᠢ | ᠨᠠᠷ ᠨᠢᠭᠡᠨ ᠤᠷᠤᠯᠳᠤᠭᠠᠨ ᠳᠤ ᠣᠷᠣᠯᠴᠠᠭᠴᠢ ᠪᠣᠯᠤᠭᠰᠠᠨ ᠤ ᠬᠤᠪᠢ ᠳᠤ᠂ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ | ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ | ᠰᠡᠳᠦᠵᠦ᠂ ᠠᠮᠢᠳᠤᠯᠢᠭ ᠵᠢᠱᠢᠶ᠎ᠡ ᠳᠤ ᠰᠠᠭᠤᠷᠢᠯᠡᠨ᠂ ᠡᠯᠪᠡᠭ ᠪᠠᠶᠠᠯᠢᠭ ᠮᠡᠷᠭᠡᠵᠢᠯ ᠤᠨ ᠠᠷᠭ᠎ᠠ ᠪᠠᠷᠢᠯ ᠢ ᠭᠡᠷᠡᠭᠯᠡᠨ᠂ | ︽ᠪᠦᠲᠦᠭᠡᠯ ᠤᠨ ᠲᠠᠶᠢᠯᠪᠤᠷᠢᠯᠠᠯᠲᠠ + ᠪᠢᠴᠢᠯ ᠬᠢᠴᠢᠶᠡᠯ ᠤᠨ ᠦᠵᠡᠭᠦᠯᠦᠯᠭᠡ︾ ᠶᠢᠨ ᠬᠡᠯᠪᠡᠷᠢ ᠪᠠᠷ ᠳᠠᠮᠵᠢᠭᠤᠯᠤᠨ᠂ | ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ | ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠬᠦᠯᠵᠦ᠂ ᠤᠯᠤᠰ ᠢᠶᠠᠨ ᠬᠠᠶᠢᠷᠠᠯᠠᠬᠤ ᠬᠠᠶᠢᠷ᠎ᠠ | ᠰᠡᠳᠬᠢᠯᠭᠡ ᠶᠢ ᠵᠤᠵᠠᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠵᠦ᠂ ᠢᠳᠡᠪᠬᠢ ᠬᠦᠴᠦᠨ ᠢ | ᠲᠠᠮᠵᠢᠭᠤᠯᠤᠨ᠂ ᠭᠤᠤᠯ ᠬᠥᠭ ᠠᠶᠠᠰ ᠢ ᠪᠠᠳᠠᠷᠠᠭᠤᠯᠵᠤ᠂ ᠲᠤᠰᠬᠠᠶ ᠮᠡᠷᠭᠡᠵᠢᠯ ᠤᠨ ᠰᠢᠯᠭᠠᠷᠠᠭᠤᠯᠤᠯᠲᠠ ᠶᠢᠨ ᠰᠠᠶᠢᠨ | ᠦᠨᠡᠯᠡᠯᠳᠡ ᠶᠢ ᠤᠯᠪᠠ᠃ | ᠲᠣᠰ ᠤᠳᠠᠭᠠᠨ ᠤ ᠤᠷᠤᠯᠳᠤᠭᠠᠨ ᠢ ᠲᠡᠭᠡᠳᠦ ᠳᠤᠮᠳᠠᠳᠤ᠂ ᠠᠩᠬ᠎ᠠ ᠳᠤᠮᠳᠠᠳᠤ ᠪᠠ ᠪᠠᠭ᠎ᠠ ᠰᠤᠷᠭᠠᠭᠤᠯᠢ ᠶᠢᠨ | ᠳᠤᠭᠤᠶᠢᠯᠠᠩ ᠭᠡᠵᠦ ᠬᠤᠪᠢᠶᠠᠨ᠂ ᠰᠢᠷᠦᠭᠦᠨ ᠥᠷᠢᠰᠥᠯᠳᠦᠭᠡᠨ ᠪᠠ ᠬᠢᠨᠠᠨ ᠰᠢᠯᠭᠠᠷᠠᠭᠤᠯᠤᠯᠳᠠ ᠪᠠᠷ ᠳᠡᠮᠵᠢᠨ᠂ | ᠣᠨᠴᠠ ᠲᠠᠰ ᠲᠤ 3 ᠬᠥᠮᠦᠨ᠂ ᠨᠢᠭᠡᠳᠦᠭᠡᠷ ᠳᠡᠰ ᠲᠤ 10 ᠬᠥᠮᠦᠨ᠂ ᠬᠤᠶᠠᠳᠤᠭᠠᠷ ᠳᠡᠰ ᠲᠤ 8 ᠬᠥᠮᠦᠨ᠂ | ᠰᠢᠯᠢᠳᠡᠭ ᠲᠡᠰ ᠲᠤ 6 ᠬᠥᠮᠦᠨ ᠢ ᠰᠢᠯᠭᠠᠷᠠᠭᠤᠯᠤᠨ ᠭᠠᠷᠭᠠᠭᠰᠠᠨ ᠪᠥᠭᠡᠳ ᠲᠤᠬᠠᠶ ᠶᠢᠨ ᠲᠠᠯᠠᠪᠠᠶ ᠳᠤ ᠱᠠᠩᠨᠠᠯ | ᠬᠦᠬᠢᠬᠦᠯᠦᠭᠰᠡᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠨᠢ ᠪᠥᠬᠦ ᠪᠠᠭᠰᠢ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠬᠦᠢᠴᠡᠳ ᠳᠠᠶᠢᠴᠢᠯᠠᠵᠤ᠂ ᠰᠤᠷᠤᠭᠴᠢᠳ ᠤᠨ ᠪᠡᠶᠡᠴᠢ ᠴᠤᠭᠴᠠᠳᠤ ᠴᠢᠨᠠᠷ ᠢ ᠪᠠᠳᠠᠷᠠᠭᠤᠯᠤᠨ᠂ | ᠮᠠᠨ ᠤ ᠬᠤᠰᠢᠭᠤᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠲᠡ ᠶᠢ | ᠤᠯᠠᠮ ᠨᠢᠭᠡ ᠠᠯᠬᠤᠮ ᠠᠬᠢᠭᠤᠯᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ | ᠰᠠᠶᠢᠬᠠᠨ᠂ ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | | | | | | | | |