| ᠬᠢᠵᠢᠭ ᠤᠨ ᠪᠠᠶᠢᠳᠠᠯ ᠤᠨ ᠭᠡᠨᠡᠳᠲᠡ ᠶᠢᠨ ᠳᠠᠭᠠᠷᠢᠯᠲᠠ ᠶᠢᠨ ᠡᠮᠦᠨ᠎ᠡ᠂ ᠮᠠᠨ ᠤ ᠬᠤᠰᠢᠭᠤ ᠨᠠᠮ ᠤᠨ | ᠭᠡᠰᠢᠭᠦᠨ ᠤ ᠬᠢᠵᠢᠭ ᠲᠠᠢ ᠲᠡᠮᠡᠴᠡᠬᠦ ᠪᠠᠷ ᠦᠳᠳᠦᠷ ᠲᠦᠷᠭᠡᠨ ᠬᠦᠳᠡᠯᠦᠯᠴᠡᠵᠦ᠂ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠲᠡᠷᠡ ᠳᠠᠷᠤᠶ ᠳᠤᠨᠢ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠬᠡᠨ ᠤ | ᠬᠤᠰᠢᠭᠤᠴᠢ ᠠᠩᠭᠢ ᠪᠠᠶᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ᠂ ᠨᠠᠮ ᠤᠨ ᠭᠡᠰᠢᠭᠦᠨ ᠤ | ᠬᠤᠰᠢᠭᠤᠴᠢ ᠠᠵᠢᠯ ᠤᠨ ᠪᠠᠶᠢᠷᠢ ᠭᠠᠷᠭᠠᠵᠤ᠂ ᠨᠠᠮ ᠤᠨ ᠭᠡᠰᠢᠭᠦᠨ ᠤ ᠬᠠᠷᠢᠭᠤᠴᠠᠯᠭ᠎ᠠ ᠶᠢᠨ ᠣᠷᠣᠨ ᠢ | ᠬᠤᠪᠢᠶᠠᠷᠢᠯᠠᠨ᠂ ᠬᠥᠮᠦᠰ ᠤᠨ ᠪᠠᠶᠢᠳᠠᠯ ᠢ ᠣᠶᠢᠯᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠬᠢᠬᠦ᠂ ᠰᠡᠳᠬᠢᠴᠡ ᠶᠢᠨ ᠵᠢᠯᠣᠭᠤᠳᠤᠮᠵᠢ ᠬᠢᠬᠦ ᠵᠡᠷᠭᠡ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠨᠠᠮ ᠤᠨ | ᠰᠡᠷᠭᠡᠶᠢᠯᠡᠯᠲᠡ ᠶᠢᠨ ᠱᠤᠭᠤᠮ︾ ᠢ ᠴᠣᠭᠴᠠᠯᠠᠪᠠ᠃ | ᠠᠵᠢᠯ ᠠᠴᠠ ᠪᠠᠨ ᠠᠮᠠᠷᠠᠬᠰᠠᠨ ᠺᠠᠳ᠋ᠷ ᠪᠠᠶᠢᠬᠤ ᠠᠴᠠ ᠠᠵᠢᠯ ᠠᠴᠠ ᠪᠠᠨ ᠠᠮᠠᠷᠠᠬᠰᠠᠨ ᠨᠠᠮ ᠤᠨ ᠭᠡᠰᠢᠭᠦᠨ | ᠬᠡᠵᠦ ᠪᠠᠶᠢᠬᠤ ᠤᠢᠭᠡᠢ᠃ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ︽ | ᠲᠠᠪᠤᠨ ᠠᠬᠠᠮᠠᠳ︾ ᠤᠨ ᠪᠦᠷᠢᠯᠳᠦᠬᠦᠨ ᠸᠠᠩ ᠶᠦᠩ ᠬᠤᠩ ᠪᠣᠯ ᠨᠠᠮ ᠳᠤ ᠣᠷᠣᠭᠠᠳ 38 ᠵᠢᠯ ᠪᠣᠯᠵᠣ ᠪᠠᠶᠢᠭ᠎ᠠ | ᠠᠵᠢᠯ ᠠᠴᠠ ᠪᠠᠨ ᠠᠮᠠᠷᠠᠭᠰᠠᠨ ᠨᠢᠭᠡᠨ ᠨᠠᠮ ᠤᠨ ᠭᠡᠰᠢᠭᠦᠨ ᠪᠠᠶᠢᠵᠦ᠂ ᠰᠠᠭᠤᠭᠠᠯᠢ ᠠᠷᠠᠳ ᠤᠨ ᠲᠣᠭᠤᠷᠢᠭ ᠲᠤ | ᠰᠠᠶᠢᠨ ᠳᠤᠷᠠᠴᠤᠳ ᠴᠢᠬᠤᠯᠠᠲᠠᠶ ᠪᠠᠶᠢᠬᠤ ᠶᠢ ᠮᠡᠳᠡᠭᠡᠳ ᠲᠡᠷᠡ ᠳᠠᠷᠤᠶ ᠳᠤ ᠨᠢ ᠨᠡᠷ᠎ᠡ ᠮᠡᠳᠡᠭᠦᠯᠵᠦ᠂ | ᠠᠵᠢᠯ ᠠᠴᠠ ᠪᠠᠨ ᠠᠮᠠᠷᠠᠭᠰᠠᠨ ᠪᠤᠰᠤᠳ ᠨᠠᠮ ᠤᠨ ᠭᠡᠰᠢᠭᠦᠳ ᠲᠠᠢ ᠬᠠᠮᠲᠤ ᠪᠠᠷ ᠬᠢᠵᠢᠭ ᠲᠠᠢ ᠲᠡᠮᠡᠴᠡᠬᠦ ᠪᠠᠭ᠎ᠠ | ᠠᠩᠭᠢ ᠪᠠᠶᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠪᠠ᠃ | ᠸᠠᠩ ᠶᠦᠩ ᠬᠤᠩ ᠰᠤᠷᠪᠤᠯᠵᠢᠯᠠᠬᠴᠢ ᠳᠤ᠄ ︽ᠪᠢ ᠠᠵᠢᠯ ᠠᠴᠠ ᠪᠠᠨ ᠠᠮᠠᠷᠠᠭᠰᠠᠨ ᠪᠣᠯᠪᠠᠴᠤ ᠨᠠᠮ ᠤᠨ | ᠭᠡᠰᠢᠭᠦᠨ ᠪᠣᠯᠤᠭᠰᠠᠨ ᠤ ᠬᠤᠪᠢ ᠳᠤ ᠮᠥᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ | ᠹᠷᠣᠨᠲ ᠲᠤ ᠲᠡᠮᠡᠤᠯᠡᠬᠦ ᠡᠬᠦᠷᠭᠡ ᠪᠠ ᠬᠠᠷᠢᠭᠤᠴᠠᠯᠭ᠎ᠠ ᠲᠠᠢ ᠪᠠᠶᠢᠵᠦ᠂ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠂ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠪᠠᠨ ᠦᠢᠯᠡᠴᠢᠯᠡᠨ᠎ᠡ︾ | ᠬᠡᠵᠦ ᠪᠠᠶᠢᠪᠠ᠃ | ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠢᠳᠡᠪᠬᠢᠲᠡᠢ ᠪᠠᠷ ᠬᠤᠪᠢ ᠨᠡᠮᠡᠷᠢ ᠦᠵᠡᠬᠦᠯᠦᠨ᠂ | ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤ ᠪᠠᠷ ᠨᠡᠶᠢᠭᠡᠮ | ᠲᠣᠭᠤᠷᠢᠭ ᠲᠤ ᠬᠦᠨᠵᠡᠬᠡᠶᠢᠷᠡᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠬᠠᠷᠭᠤᠭᠤᠯᠤᠨ ᠪᠠᠶᠢᠴᠠᠭᠠᠵᠤ | ᠳᠠᠩᠰᠠᠯᠠᠬᠤ᠂ ᠡᠮᠬᠢ ᠳᠢᠭᠯᠢᠮ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ᠂ | ᠬᠥᠮᠦᠰ ᠢ ᠵᠢᠭᠰᠠᠭᠠᠨ ᠪᠠᠶᠢᠴᠠᠭᠠᠬᠤ᠂ ᠵᠢᠵᠢᠭᠦᠷᠯᠡᠨ ᠰᠠᠬᠢᠬᠤ ᠪᠠ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ | ᠬᠠᠮᠵᠢᠨ ᠥᠷᠨᠢᠭᠦᠯᠵᠦ᠂ ᠨᠡᠶᠢᠭᠡᠮ ᠲᠣᠭᠤᠷᠢᠭ ᠤᠨ ᠮᠡᠳᠡᠭᠡ ᠵᠠᠩᠭᠢᠴᠢᠨ᠂ ᠤᠬᠠᠭᠤᠯᠤᠭᠴᠢ᠂ ᠵᠢᠯᠤᠭᠤᠳᠤᠬᠴᠢ᠂ | ᠦᠢᠯᠡᠴᠢᠯᠡᠭᠴᠢ ᠪᠣᠯᠪᠠ᠃ | ᠣᠳᠣᠬᠠᠨ ᠪᠣᠯᠲᠠᠯ᠎ᠠ᠂ ᠪᠥᠬᠦ ᠬᠤᠰᠢᠭᠤᠨ ᠳᠤ ᠨᠢᠭᠡᠨᠲᠡ 549 ᠨᠠᠮ ᠤᠨ ᠵᠣᠬᠢᠶᠠᠨ ᠪᠠᠶᠢᠭᠤᠯᠤᠯᠲᠠ᠂ | 6598 ᠨᠠᠮ ᠤᠨ ᠭᠡᠰᠢᠭᠦᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠤ ᠦᠨᠳᠦᠰᠦᠨ ᠥᠩᠭᠡ ᠶᠢ ᠬᠠᠷᠠᠭᠤᠯᠵᠠᠶ᠃ | | | | | |