ᠮᠠᠨ ᠤ ᠬᠤᠰᠢᠭᠤᠨ ᠤ ᠬᠤᠶᠠᠷ ᠭᠠᠯ ᠤᠨᠲᠠᠷᠠᠭᠠᠬᠤ ᠥᠷᠲᠡᠭᠡ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2021/12/13
     ᠣᠶᠢᠷ᠎ᠠ ᠳᠤ᠂ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠦᠵᠡᠮᠵᠢ ᠶᠢᠨ ᠣᠷᠣᠨ ᠤ ᠭᠠᠯ ᠤᠨᠲᠠᠷᠠᠭᠠᠬᠤ ᠥᠷᠲᠡᠭᠡ᠂ ᠤᠯᠠᠭᠠᠨᠮᠥ᠋ᠷᠡᠨ ᠪᠠᠯᠭᠠᠰᠤ ᠶᠢᠨ ᠭᠠᠯ ᠤᠨᠲᠠᠷᠠᠭᠠᠬᠤ ᠥᠷᠲᠡᠭᠡ ᠵᠢᠩᠬᠢᠨᠢ ᠪᠠᠷ ᠠᠰᠢᠭᠯᠠᠯᠲᠠ ᠳᠤ ᠣᠷᠣᠪᠠ᠃      ᠣᠶᠢᠯᠠᠭᠠᠭᠰᠠᠨ ᠢᠶᠠᠷ᠂ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠦᠵᠡᠮᠵᠢ ᠶᠢᠨ ᠣᠷᠣᠨ ᠤ ᠵᠣᠨ ᠤ ᠤᠯᠠᠷᠢᠯ ᠤᠨ ᠵᠤᠭᠠᠴᠠᠭᠰᠠᠳ ᠣᠯᠠᠨ᠂ ᠤᠯᠠᠭᠠᠨᠮᠦ᠋ᠷᠡᠨ ᠪᠠᠯᠭᠠᠰᠤᠨ ᠲᠣᠭᠤᠷᠢᠭ ᠤᠨ ᠵᠡᠭᠡᠯᠢ ᠳᠠᠭᠠᠤ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠪᠠ ᠶᠢᠰᠦᠨ ᠪᠠᠭ᠎ᠠ ᠭᠡᠯᠪᠡᠷᠢ ᠶᠢᠨ ᠲᠠᠯᠠᠪᠤᠷ ᠭᠠᠵᠠᠷ ᠣᠯᠠᠨ᠂ ᠭᠠᠯ ᠤᠨ ᠠᠶᠤᠯ ᠤᠨ ᠲᠦᠭᠰᠢᠭᠦᠷᠢᠳᠦ ᠴᠢᠨᠠᠷ ᠶᠡᠭᠡ ᠪᠠᠶᠢᠬᠤ ᠪᠠᠶᠢᠳᠠᠯ ᠤᠨ ᠱᠠᠭᠠᠷᠳᠠᠯᠭ᠎ᠠ ᠳᠤ ᠴᠢᠭᠯᠡᠭᠦᠯᠦᠨ᠂ ᠬᠤᠰᠢᠭᠤᠨ ᠤ ᠡᠳ᠋ ᠤᠨ ᠵᠠᠰᠠᠭ ᠠᠴᠠ ᠨᠡᠶᠢᠲᠡ ᠬᠤᠶᠠᠷ ᠮᠢᠩᠭᠠᠨ ᠲᠦᠮᠡᠨ ᠲᠥᠭᠦᠷᠢᠭ ᠪᠠᠭᠤᠯᠭᠠᠵᠤ᠂ ᠬᠤᠶᠠᠷ ᠭᠠᠯ ᠤᠨᠲᠠᠷᠠᠭᠠᠬᠤ ᠥᠷᠲᠡᠭᠡ ᠶᠢ  ᠪᠠᠶᠢᠭᠤᠯᠤᠬᠰᠠᠨ ᠪᠠᠶᠢᠨ᠎ᠠ᠃      ᠬᠤᠶᠠᠷ ᠭᠠᠯ ᠤᠨᠲᠠᠷᠠᠭᠠᠬᠤ ᠦᠷᠲᠡᠭᠡ ᠶᠢ ᠠᠰᠢᠭᠯᠠᠯᠲᠠ ᠳᠤ ᠤᠷᠤᠭᠤᠯᠤᠬᠰᠠᠨ ᠨᠢ ᠮᠠᠨ ᠤ ᠬᠤᠰᠢᠭᠤᠨ ᠤ ᠭᠠᠯ ᠤᠨᠲᠠᠷᠠᠭᠠᠬᠤ ᠦᠷᠲᠡᠭᠡ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠴᠠᠭᠳᠠᠭ᠎ᠠ ᠲᠤᠮᠢᠯᠠᠬᠤ ᠬᠡᠪᠴᠢᠶ᠎ᠡ ᠶᠢ ᠪᠠᠭᠠᠰᠬᠠᠵᠤ᠂ ᠴᠠᠭᠳᠠᠭ᠎ᠠ ᠲᠤᠮᠢᠯᠠᠬᠤ ᠬᠤᠷᠳᠤᠴᠠ ᠶᠢ ᠳᠡᠭᠡᠭᠰᠢᠯᠡᠭᠦᠯᠦᠨ᠂ ᠭᠠᠯ ᠤᠨ ᠭᠠᠮᠰᠢᠭ ᠠᠴᠠ ᠠᠪᠤᠷᠠᠬᠤ ᠠᠵᠢᠯ ᠤᠨ ᠡᠷᠲᠡ ᠤᠨᠲᠠᠷᠠᠭᠠᠬᠤ᠂ ᠪᠠᠭ᠎ᠠ ᠳᠤ ᠨᠢ ᠤᠨᠲᠠᠷᠠᠭᠠᠬᠤ᠂  ᠭᠠᠯ ᠰᠢᠳᠠᠬᠤ ᠠᠩᠬᠠᠨ ᠤ ᠬᠤᠭᠤᠴᠠᠭ᠎ᠠ ᠳᠤ ᠨᠢ ᠤᠨᠳᠠᠷᠠᠭᠠᠬᠤ ᠶᠢ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠬᠠᠮᠤᠭ ᠶᠡᠭᠡ ᠬᠡᠮᠵᠢᠶ᠎ᠡ ᠪᠠᠷ ᠪᠠᠲᠤᠯᠠᠨ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号