ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠭᠢᠨ ᠥᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠷᠴᠢᠮᠲᠠᠢ ᠶᠠᠪᠤᠭᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/12/13
     2020 ᠣᠨ ᠤ 12 ᠳ᠋ᠤᠭᠠᠷ ᠰᠠᠷ᠎ᠠ ᠠᠴᠠ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠦᠷᠨᠢᠭᠦᠯᠦᠭᠰᠡᠨ ᠠᠴᠠ ᠨᠠᠰᠢ᠂ ᠡᠵᠡᠨ ᠬᠤᠷᠤᠭ᠎ᠠ ᠬᠤᠰᠢᠭᠤ ᠨᠢᠭᠡᠳᠦᠯᠲᠠᠢ ᠲᠥᠯᠥᠪᠵᠢᠭᠦᠯᠦᠨ᠂ ᠣᠯᠠᠨ ᠠᠷᠭ᠎ᠠ ᠬᠡᠮᠵᠢᠶ᠎ᠡ᠂ ᠠᠷᠭ᠎ᠠ ᠬᠡᠯᠪᠡᠷᠢ ᠶᠢ ᠵᠡᠷᠭᠡ ᠪᠠᠷ ᠠᠪᠴᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠮᠡᠳᠡᠯᠭᠡ ᠶᠢ ᠤᠬᠠᠭᠤᠯᠤᠨ ᠲᠥᠭᠡᠮᠡᠯᠵᠢᠭᠦᠯᠵᠦ᠂ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠦᠷᠨᠢᠭᠦᠯᠦᠨ᠂ ᠸᠠᠺᠼᠢᠨ ᠤ ᠲᠠᠷᠢᠯᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃      ᠤᠶᠢᠷ᠎ᠠ ᠶᠢᠨ ᠡᠳᠦᠷ᠂  ᠤᠯᠠᠭᠠᠨᠮᠦ᠋ᠷᠡᠨ ᠪᠠᠯᠭᠠᠰᠤᠨ ᠤ ᠪᠦᠯᠢᠶᠠᠨ ᠲᠤᠰᠬᠤᠨ ᠤ ᠬᠡᠷᠡᠭ ᠡᠷᠬᠢᠯᠡᠬᠦ ᠭᠠᠵᠠᠷ ᠲᠤ ᠂ ᠸᠠᠺᠼᠢᠨ ᠤ ᠲᠠᠷᠢᠯᠭ᠎ᠠ ᠬᠢᠬᠦ ᠪᠠᠷ ᠡᠮᠬᠢ ᠵᠢᠷᠤᠮ ᠲᠠᠢ ᠮᠥᠷᠯᠡᠨ ᠳᠠᠩᠭᠰᠠᠯᠠᠭᠤᠯᠵᠤ᠂ ᠲᠠᠷᠢᠯᠭ᠎ᠠ ᠬᠢᠭᠰᠡᠨ ᠬᠦᠮᠤᠰ ᠤᠯᠠᠨ ᠪᠠᠶᠢᠪᠠ᠃ ᠣᠶᠢᠯᠭᠠᠭᠰᠠᠨ ᠢᠶᠠᠷ᠂ ᠲᠤᠰ ᠤᠳᠠᠭᠠᠨ ᠤ ᠸᠠᠺᠽᠢᠨ ᠤ ᠲᠠᠷᠢᠯᠭ᠎ᠠ ᠶᠢᠨ ᠠᠵᠢᠯ ᠨᠢ ᠪᠦᠯᠢᠶᠠᠨ ᠲᠤᠰᠬᠤᠨ ᠤ ᠬᠡᠷᠡᠭ ᠡᠷᠬᠢᠯᠡᠬᠦ ᠭᠠᠵᠠᠷ ᠤᠨ ᠡᠷᠭᠢᠨ ᠲᠣᠭᠤᠷᠢᠨ ᠤ ᠬᠤᠷᠬᠤ ᠶᠢᠨ ᠲᠠᠯ᠎ᠠ ᠲᠣᠰᠬᠤᠨ᠂ ᠴᠠᠭᠠᠨ ᠰᠤᠭᠤ ᠲᠣᠰᠬᠤᠨ᠂  ᠰᠢᠬᠤᠢ ᠶᠢᠨ ᠭᠤᠣᠯ ᠲᠣᠰᠬᠤᠨ᠂  ᠬᠡᠴᠡᠬᠦᠦ ᠶᠢᠨ ᠰᠥᠮ᠎ᠡ ᠲᠣᠰᠬᠤᠨ᠂  ᠱᠢ ᠵᠢᠶᠠ ᠯᠢᠶᠠᠩ ᠲᠣᠰᠬᠤᠨ᠂ ᠮᠣᠳᠣᠨ ᠰᠢᠯᠢ ᠲᠣᠰᠬᠤᠨ ᠢ ᠬᠠᠮᠤᠷᠤᠭᠰᠠᠨ ᠪᠠᠶᠢᠨ᠎ᠠ᠃      ᠠᠯᠲᠠᠨᠰᠢᠷᠡᠭᠡ ᠪᠠᠯᠭᠠᠰᠤᠨ ᠳᠤ᠂ ᠣᠯᠠᠨ ᠲᠦᠮᠡᠨ ᠤ ᠸᠠᠺᠼᠢᠨ ᠤ ᠲᠠᠷᠢᠯᠭ᠎ᠠ ᠬᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ 7 ᠳ᠋ᠤᠭᠠᠷ ᠰᠠᠷ᠎ᠠ ᠶᠢᠨ 23᠎ ᠤ ᠡᠳᠦᠷ ᠠᠴᠠ ᠡᠬᠢᠯᠡᠨ᠂ ᠡᠳᠦᠷ ᠪᠦᠷᠢ ᠶᠢᠨ 8᠄ 30—22᠄ 30᠎  ᠬᠦᠷᠳᠡᠯ᠎ᠡ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠠᠳᠠᠯ ᠦᠢᠯᠡᠰ ᠪᠣᠰᠬᠠᠬᠤ ᠲᠣᠮᠤ ᠠᠰᠠᠷ ᠵᠢᠴᠢ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠣᠷᠳᠣᠨ ᠵᠡᠷᠭᠡ ᠭᠤᠷᠪᠠᠨ ᠭᠠᠵᠠᠷ ᠲᠤ ᠲᠠᠷᠢᠯᠭ᠎ᠠ ᠬᠢᠬᠦ ᠴᠡᠭ ᠭᠠᠷᠭᠠᠵᠤ᠂ ᠪᠦᠬᠦᠯᠢ ᠡᠳᠦᠷ ᠢᠶᠠᠷ ᠲᠠᠷᠢᠯᠭ᠎ᠠ ᠬᠢᠬᠦ ᠦᠢᠯᠡᠴᠢᠯᠡᠭᠡ ᠬᠠᠩᠭᠠᠨ᠂ ᠸᠠᠺᠼᠢᠨ ᠤ ᠲᠠᠷᠢᠯᠭ᠎ᠠ ᠬᠢᠬᠦ ᠠᠵᠢᠯ ᠢ ᠦᠨᠳᠦᠷ ᠪᠥᠲᠦᠮᠵᠢᠲᠠᠢ ᠠᠬᠢᠭᠤᠯᠵᠤ᠂ ᠴᠢᠨᠠᠷ  ᠰᠠᠶᠢᠳᠠᠢ ᠪᠡᠶᠡᠯᠡᠭᠳᠡᠬᠦ ᠶᠢ ᠪᠠᠳᠤᠯᠠᠵᠤ ᠪᠠᠶᠢᠨ᠎ᠠ᠃      ᠮᠠᠨ ᠤ ᠬᠤᠰᠢᠭᠤ 12 ᠨᠠᠰᠤᠨ ᠠᠴᠠ ᠳᠡᠭᠡᠭᠰᠢᠬᠢ ᠬᠥᠮᠦᠰ ᠲᠤ ᠨᠢᠭᠡᠳᠤᠭᠡᠷ ᠤᠳᠠᠭᠠᠨ ᠤ ᠸᠠᠺᠼᠢᠨ ᠤ ᠲᠠᠷᠢᠯᠭ᠎ᠠ ᠬᠢᠬᠦ ᠡᠭᠦᠷᠭᠡ ᠶᠢ ᠲᠦᠷᠭᠡᠨ ᠪᠡᠶᠡᠯᠡᠬᠦᠯᠵᠦ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ   ᠪᠠᠶᠢᠭᠤᠯᠬᠤ ᠶᠢᠨ ᠲᠦᠯᠤᠭᠡ᠂ ᠣᠯᠠᠨ ᠵᠤᠶᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠸᠠᠺᠼᠢᠨ ᠤ ᠲᠠᠷᠢᠯᠭ᠎ᠠ ᠬᠢᠬᠦ ᠠᠵᠢᠯ ᠢ ᠳᠥᠯᠭᠢᠨ  ᠠᠬᠢᠭᠤᠯᠵᠤ᠂ ︽ᠲᠦᠷ ᠴᠠᠭ ᠤᠨ ᠲᠠᠷᠢᠯᠭ᠎ᠠ ᠬᠢᠬᠦ ᠴᠡᠭ + ᠡᠩ ᠤᠨ ᠲᠠᠷᠢᠯᠭ᠎ᠠ ᠬᠢᠬᠦ ᠡᠬᠦᠳᠡᠨ ᠡᠮᠨᠡᠯᠭᠡ᠂ ᠪᠦᠯᠬᠦᠮ ᠨᠡᠶᠢᠲᠡ ᠪᠠᠷ ᠤᠷᠢᠳᠴᠢᠯᠠᠨ ᠪᠣᠯᠵᠣᠬᠤ + ᠬᠤᠪᠢ ᠬᠥᠮᠦᠨ ᠤᠷᠢᠳᠴᠢᠯᠠᠨ ᠪᠣᠯᠵᠣᠬᠤ᠂ ᠲᠥᠪᠯᠡᠷᠡᠭᠦᠯᠦᠨ ᠲᠠᠷᠢᠯᠭ᠎ᠠ ᠬᠢᠬᠦ + ᠬᠡᠷ ᠲᠤ ᠨᠢ ᠬᠦᠷᠴᠦ ᠲᠠᠷᠢᠯᠭ᠎ᠠ ᠬᠢᠬᠦ᠂ ᠡᠳᠦᠷ ᠲᠤᠲᠤᠮ ᠤᠨ ᠲᠠᠷᠢᠯᠭ᠎ᠠ ᠬᠢᠬᠦ + ᠰᠥᠨᠢ ᠶᠢᠨ ᠲᠠᠯᠠᠪᠠᠶ ᠳᠤ ᠲᠠᠷᠢᠯᠭ᠎ᠠ ᠬᠢᠬᠦ᠂ ᠲᠣᠭᠲᠠᠮᠠᠯ ᠲᠠᠷᠢᠯᠭ᠎ᠠ ᠬᠢᠬᠦ + ᠨᠡᠭᠦᠳᠡᠯ ᠲᠠᠷᠢᠯᠭ᠎ᠠ ᠬᠢᠬᠦ︾  ᠵᠡᠷᠭᠡ ︽ᠲᠠᠪᠤ ᠶᠢ ᠨᠡᠮᠡᠬᠦ︾  ᠤᠶᠢᠯᠡᠴᠢᠯᠡᠭᠡᠨ ᠤ ᠵᠠᠭᠪᠤᠷ ᠢ ᠠᠪᠴᠤ᠂ ᠸᠠᠺᠼᠢᠨ ᠤ ᠲᠠᠷᠢᠯᠭ᠎ᠠ ᠬᠢᠬᠦ ᠠᠵᠢᠯ ᠤᠨ ᠪᠣᠯᠤᠮᠵᠢᠲᠤ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃ 2021 ᠣᠨ ᠤ 7 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨᠠᠬᠢ 6 ᠴᠠᠭ ᠪᠣᠯᠲᠠᠯ᠎ᠠ᠂ ᠪᠥᠬᠦ ᠬᠤᠰᠢᠭᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠨᠡᠶᠢᠲᠡ 237662 ᠤᠳᠠᠭ᠎ᠠ ᠳᠠᠷᠢᠵᠤ᠂ ᠡᠭᠦᠨ ᠳᠤ ᠨᠢᠭᠡᠳᠦᠭᠡᠷ ᠤᠳᠠᠭᠠᠨ ᠤ ᠲᠠᠷᠢᠯᠭ᠎ᠠ ᠶᠢ 155058 ᠤᠳᠠᠭ᠎ᠠ᠂ ᠬᠤᠶᠠᠳᠤᠭᠠᠷ ᠤᠳᠠᠭᠠᠨ ᠤ ᠲᠠᠷᠢᠯᠭ᠎ᠠ ᠶᠢ 82604 ᠤᠳᠠᠭ᠎ᠠ ᠳᠠᠷᠢᠵᠤ᠂ 12 ᠨᠠᠰᠤᠨ ᠠᠴᠠ ᠳᠡᠭᠡᠭᠰᠢᠬᠢ ᠬᠥᠮᠦᠰ ᠤᠨ ᠨᠢᠭᠡᠳᠦᠭᠡᠷ ᠤᠳᠠᠭᠠᠨ ᠤ ᠲᠠᠷᠢᠯᠭ᠎ᠠ  ᠬᠢᠭᠰᠡᠨ ᠨᠣᠷᠮ᠎ᠠ 79 %᠎ ᠳᠤ ᠬᠦᠷᠴᠡᠶ᠃      ᠡᠵᠡᠨ ᠬᠤᠷᠤᠭ᠎ᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠰᠢᠤᠸᠠᠢ ᠴᠢᠩ ᠠᠴᠠ᠄ ︽ᠲᠠᠷᠠᠭᠠᠴᠢ ᠶᠢᠨ ᠠᠯᠬᠤᠮ ᠳᠤ᠂ ᠪᠢᠳᠡ ᠭᠤᠤᠯᠳᠠᠭᠤ 12 ᠨᠠᠰᠤᠨ ᠠᠴᠠ ᠳᠡᠭᠡᠭᠰᠢᠬᠢ ᠬᠥᠮᠦᠰ ᠲᠤ ᠸᠠᠺᠼᠢᠨ ᠤ ᠲᠠᠷᠢᠯᠭ᠎ᠠ ᠬᠢᠬᠦ ᠡᠭᠦᠷᠭᠡ ᠶᠢ ᠪᠡᠶᠡᠯᠡᠭᠦᠯᠦᠨ᠎ᠡ᠂ ᠳᠠᠷᠤᠶ ᠣᠲᠣ ᠠᠴᠠ ᠡᠬᠢᠯᠡᠨ᠂ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠭᠤᠤᠯᠳᠠᠭᠤ 15 - 17 ᠪᠦᠬᠦᠯᠢ ᠨᠠᠰᠤᠨ ᠤ ᠬᠥᠮᠦᠰ ᠲᠤ ᠲᠠᠷᠢᠯᠭ᠎ᠠ ᠬᠢᠨ᠎ᠠ᠂ 8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ 12 ᠪᠦᠬᠦᠯᠢ ᠨᠠᠰᠤᠨ ᠠᠴᠠ 15 ᠪᠦᠬᠦᠯᠢ ᠨᠠᠰᠤᠨ ᠤ ᠨᠠᠰᠤᠨ ᠳᠤ ᠥᠯᠥ ᠭᠦᠷᠦᠭᠰᠡᠳ ᠲᠤ ᠸᠠᠺᠼᠢᠨ ᠤ ᠲᠠᠷᠢᠯᠭ᠎ᠠ ᠬᠢᠨ᠎ᠠ᠂ 9 ᠳ᠋ᠤᠭᠡᠷ ᠰᠠᠷ᠎ᠠ ᠳᠤ ᠭᠤᠤᠯᠳᠠᠭᠤ ᠬᠤᠶᠠᠳᠤᠭᠠᠷ ᠤᠳᠠᠭᠠᠨ ᠤ ᠲᠠᠷᠢᠯᠭ᠎ᠠ ᠬᠢᠬᠦ ᠡᠭᠦᠷᠭᠡ ᠶᠢ ᠪᠡᠶᠡᠯᠡᠭᠦᠯᠦᠨ᠎ᠡ᠂ 10 ᠳ᠋ᠤᠭᠠᠷ ᠰᠠᠷ᠎ᠠ ᠳᠤ ᠡᠮᠦᠨᠡᠬᠢ ᠨᠢᠭᠡ ᠱᠠᠲᠤᠨ ᠤ ᠲᠠᠷᠢᠯᠭ᠎ᠠ ᠶᠢᠨ ᠠᠵᠢᠯ ᠢ ᠪᠡᠶᠡᠯᠡᠭᠦᠯᠦᠨ᠎ᠡ᠂ ᠥᠷᠭᠡᠨ ᠣᠯᠠᠨ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠬᠦ ᠳᠤ ᠣᠷᠣᠯᠴᠠᠬᠤ ᠶᠢ ᠬᠦᠰᠡᠵᠦ ᠪᠠᠶᠢᠨ᠎ᠠ︾ ᠭᠡᠪᠡ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号