ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠣᠬᠡᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠪᠠ
ᠨᠡᠶᠢᠲᠡᠯᠡᠭᠰᠡᠨ ᠴᠠᠭ᠄
2021/12/13
                         ᠮᠠᠨ ᠤ ᠬᠤᠰᠢᠭᠤᠨ ᠤ ᠥᠷᠭᠡᠨ ᠣᠯᠠᠨ ᠪᠠᠭᠰᠢ ᠰᠤᠷᠤᠭᠴᠢᠳ ᠤᠨ ᠤᠤᠭᠤᠬᠤ ᠤᠰᠤᠨ ᠤ ᠨᠥᠬᠦᠴᠡᠯ ᠢ  ᠰᠠᠶᠢᠵᠢᠷᠠᠭᠤᠯᠵᠦ᠂ ᠰᠤᠷᠭᠠᠭᠤᠯᠢ ᠶᠢᠨ ᠬᠦᠷᠢᠶᠡᠨ ᠤ ᠤᠤᠭᠤᠬᠤ ᠤᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠢᠨ‌‍ᠲ᠋ᠥ᠋ᠯᠥᠭᠡ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ  ᠬᠡᠤᠬᠡᠳ ᠤᠨ ᠰᠢᠭᠤᠳ ᠤᠤᠭᠤᠬᠤ ᠤᠰᠤᠨ ᠤ ᠲᠥᠷᠥᠯ ᠵᠦᠢᠯ ᠣᠳᠣ ᠶᠠᠭ ᠡᠷᠴᠢᠮ ᠲᠠᠢ ᠶᠠᠪᠤᠭᠳᠠᠵᠤ ᠪᠠᠶᠢᠨ᠎ᠠ᠃      ᠰᠤᠷᠤᠭᠴᠢᠳ ᠡᠳᠦᠷ ᠪᠦᠷᠢ ᠰᠤᠷᠭᠠᠭᠤᠯᠢ ᠳᠤ ᠪᠠᠶᠢᠬᠤ ᠬᠤᠭᠤᠴᠠᠭ᠎ᠠ ᠨᠢ ᠳᠣᠯᠤᠭ᠎ᠠ ᠨᠠᠢᠮᠠᠨ ᠴᠠᠭ ᠪᠠᠶᠢᠵᠤ᠂ ᠴᠡᠪᠡᠷ ᠤᠰᠤᠨ ᠤ ᠬᠠᠩᠭᠠᠯᠭ᠎ᠠ ᠮᠠᠰᠢ ᠴᠢᠬᠤᠯᠠ ᠪᠠᠶᠢᠳᠠᠭ᠃  ᠡᠶᠢᠮᠦ ᠠᠴᠠ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠡᠤᠬᠡᠳ ᠤᠨ ᠰᠢᠭᠤᠳ ᠤᠤᠭᠤᠬᠤ ᠤᠰᠤᠨ ᠤ ᠲᠥᠷᠥᠯ ᠵᠦᠢᠯ ᠎ ᠢ ᠮᠠᠨ ᠤ ᠬᠤᠰᠢᠭᠤᠨ ᠤ 2021 ᠣᠨ ᠎ ᠳᠤ ᠬᠡᠷᠡᠭᠵᠢᠬᠦᠯᠬᠦ ᠪᠠᠷ ᠲᠤᠬᠳᠠᠬᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠳᠦᠰᠦᠪ ᠲᠤ  ᠤᠷᠤᠭᠤᠯᠵᠦ᠂ ᠰᠢᠭᠤᠳ ᠤᠤᠭᠤᠬᠤ ᠤᠰᠤᠨ ᠤ ᠲᠥᠬᠦᠭᠡᠷᠦᠮᠵᠢ ᠤᠬᠰᠠᠷᠠᠬᠤ ᠪᠠᠷ ᠲᠠᠮᠵᠢᠨ᠂ ᠬᠤᠲᠠ ᠶᠢᠨ ᠶᠠᠪᠤᠳᠠᠯ ᠤᠨ ᠤᠤᠭᠤᠬᠤ ᠤᠰᠤ ᠬᠠᠩᠭᠠᠬᠤ ᠬᠤᠭᠤᠯᠠᠢ ᠶᠢᠨ ᠲᠣᠣᠷ ᠠᠴᠠ ᠣᠷᠣᠭᠤᠯᠤᠭᠰᠠᠨ ᠲᠦᠭᠡᠭᠡᠯ ᠤᠰᠤ ᠶᠢ ᠴᠡᠪᠡᠷᠰᠢᠬᠦᠯᠵᠦ᠂ ᠠᠷᠢᠭᠤᠳᠬᠠᠯ ᠬᠢᠭᠰᠡᠨ ᠤ ᠲᠠᠷᠠᠭ᠎ᠠ᠂ ᠤᠰᠤᠨ ᠤ ᠶᠠᠰᠤ ᠴᠢᠨᠠᠷ ᠨᠢ ᠰᠢᠭᠤᠳ ᠤᠤᠭᠤᠬᠤ ᠪᠠᠷᠢᠮᠵᠢᠶ᠎ᠠ ᠳᠤ ᠬᠦᠷᠴᠦ᠂ ᠳᠤᠯᠠᠭᠠᠨ ᠤ ᠭᠡᠮᠵᠢᠶ᠎ᠡ ᠨᠢ ᠤᠤᠭᠤᠬᠤ ᠳᠤ ᠲᠣᠬᠢᠷᠠᠮᠵᠢᠲᠠᠢ᠂ ᠤᠭ ᠤᠨ ᠬᠢ ᠲᠠᠢ ᠬᠠᠷᠢᠴᠠᠭᠤᠯᠬᠤ ᠳᠤ ᠨᠡᠩ ᠳᠥᠭᠦᠮ ᠲᠦᠳᠡ ᠠᠮᠤᠷ ᠲᠦᠪᠰᠢᠨ  ᠪᠤᠯᠵᠠᠢ᠃      ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠧᠢ ᠢᠦᠢ ᠰᠤᠷᠪᠤᠯᠵᠢᠯᠠᠬᠴᠢ ᠳᠤ᠄ ︽ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠤᠬᠡᠳ ᠤᠨ ᠰᠢᠭᠤᠳ ᠤᠤᠭᠤᠬᠤ ᠤᠰᠤᠨ ᠤ ᠲᠥᠷᠥᠯ ᠵᠦᠢᠯ ᠤᠨ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠪᠠᠷᠤᠭ 1300 ᠭᠠᠷᠤᠢ ᠲᠦᠮᠡᠨ ᠲᠥᠭᠦᠷᠢᠭ ᠲᠤ ᠬᠦᠷᠴᠡᠢ᠂ ᠣᠳᠣᠬᠠᠨ ᠳᠤ ᠶᠡᠷᠦᠩᠬᠡᠢ ᠢᠨᠵᠧᠨᠧᠷᠢᠩ ᠤᠨ 70%᠎ ᠎ ᠶᠢ ᠨᠢᠭᠡᠨᠲᠡ  ᠪᠡᠶᠡᠯᠡᠬᠦᠯᠵᠦ᠂ 20 ᠭᠠᠷᠤᠢ ᠰᠤᠷᠭᠠᠭᠤᠯᠢ ᠎ ᠶᠢᠨ ᠲᠤᠨᠤᠭ ᠲᠦᠬᠦᠭᠡᠷᠦᠮᠵᠢ ᠨᠢᠭᠡᠨᠳᠡ ᠬᠡᠷᠡᠭᠯᠡᠯᠲᠡ ᠳᠤ ᠤᠷᠤᠵᠦ᠂ ᠦᠯᠡᠳᠡᠭᠰᠡᠨ ᠰᠤᠷᠭᠠᠭᠤᠯᠢ ᠳᠤ ᠶᠠᠭ ᠲᠣᠬᠢᠷᠠᠭᠤᠯᠤᠨ ᠤᠬᠰᠠᠷᠠᠵᠦ ᠪᠣᠢ᠂ 10 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠤᠬᠰᠠᠷᠠᠵᠦ ᠳᠠᠭᠤᠰᠬᠠᠬᠤ ᠪᠠᠷ ᠲᠦᠯᠦᠪᠯᠡᠵᠦ ᠪᠠᠶᠢᠨ᠎ᠠ  ︾ ᠭᠡᠪᠡ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号