ᠡᠵᠡᠨ ᠬᠤᠷᠤᠭ᠎ᠠ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡᠨ ᠤ ᠪᠣᠯᠪᠠᠰᠤᠷᠠᠯ ᠤᠨ ᠰᠠᠭᠤᠷᠢᠨ ᠭᠠᠵᠠᠷ ᠠᠰᠢᠭᠯᠠᠯᠲᠠ ᠳᠤ ᠣᠷᠣᠬᠤ ᠪᠠᠷ ᠪᠤᠯᠤᠯ᠎ᠠ
ᠨᠡᠶᠢᠲᠡᠯᠡᠭᠰᠡᠨ ᠴᠠᠭ᠄
2021/12/13
     ᠤᠳᠠᠯ ᠦᠭᠡᠢ ᠠᠰᠢᠭᠯᠠᠯᠲᠠ ᠳᠤ ᠣᠷᠤᠬᠤ ᠭᠡᠵᠦ ᠪᠠᠶᠢᠭ᠎ᠠ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠣᠯ 2021 ᠣᠨ ᠤ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠨᠢᠭᠡ ᠪᠣᠯᠤᠨ᠎ᠠ᠃ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3000 ᠲᠦᠮᠡᠨ ᠲᠥᠭᠦᠷᠢᠭ ᠪᠠᠶᠢᠵᠤ᠂ ᠠᠷᠪᠠᠨ ᠨᠢᠭᠡᠨ ᠬᠥᠮᠦᠨ ᠤ ᠳᠦᠷᠢᠮᠲᠦ 4 ᠪᠠᠷᠢᠮᠵᠢᠶᠠᠲᠤ ᠬᠥᠯ ᠪᠥᠮᠪᠦᠭᠡᠨ ᠲᠠᠯᠠᠪᠠᠶ᠂ ᠲᠠᠪᠤᠨ ᠬᠥᠮᠦᠨ ᠤ ᠳᠦᠷᠢᠮᠲᠦ 1 ᠪᠠᠷᠢᠮᠵᠢᠶᠠᠲᠤ ᠬᠥᠯ  ᠪᠥᠮᠪᠦᠭᠡᠨ ᠲᠠᠯᠠᠪᠠᠶ ᠪᠣᠯᠣᠨ ᠡᠵᠡᠯᠡᠬᠦ ᠲᠠᠯᠠᠪᠠᠢ ᠨᠢ 96883 ᠺᠦᠸᠠᠲ ᠮᠧᠲᠷ ᠪᠥᠬᠦᠢ 2000 ᠭᠠᠷᠤᠢ ᠦᠵᠡᠭᠴᠢᠳ ᠢ ᠪᠠᠭᠲᠠᠭᠠᠵᠤ ᠴᠢᠳᠠᠬᠤ ᠨᠢᠭᠡ ᠰᠠᠤᠷᠢ ᠢᠵᠢ ᠪᠥᠷᠢᠳᠦᠭᠰᠡᠨ ᠶᠡᠷᠦᠩᠬᠡᠶᠢᠯᠡᠭᠰᠡᠨ ᠠᠰᠠᠷ ᠪᠣᠯᠣᠨ᠎ᠠ᠃ ᠡᠨᠡ ᠨᠢ ᠮᠠᠨ ᠤ ᠬᠤᠰᠢᠭᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠡᠷᠢᠭᠦᠨ ᠵᠡᠷᠭᠡ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃      ᠤᠳᠤᠬᠠᠨ ᠳᠤ᠂ ᠪᠥᠬᠦ ᠬᠤᠰᠢᠭᠤᠨ ᠳᠤ ᠨᠡᠶᠢᠲᠡ 5 ᠬᠥᠮᠦᠨ᠂ 8 ᠬᠥᠮᠦᠨ᠂ 11 ᠬᠥᠮᠦᠨ ᠤ ᠳᠦᠷᠢᠮᠲᠦ ᠬᠥᠯ ᠪᠥᠮᠪᠦᠭᠡᠨ ᠲᠠᠯᠠᠪᠠᠢ 49 ᠪᠠᠶᠢᠵᠤ᠂ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠬᠡᠷ ᠳᠣᠲᠣᠷᠠᠬᠢ ᠬᠥᠯ ᠪᠥᠮᠪᠦᠭᠡ ᠶᠢᠨ ᠣᠷᠳᠣᠨ᠂ ᠲᠠᠮᠢᠷᠴᠢᠨ ᠤ ᠪᠠᠶᠢᠷᠢ ᠵᠡᠷᠭᠡ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠤᠯᠤᠰ ᠤᠨ ᠲᠠᠰ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠤ ᠪᠠᠷ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号