ᠡᠵᠡᠨ ᠬᠤᠷᠤᠭ᠎ᠠ ᠬᠤᠰᠢᠭᠤ ᠰᠢᠨ᠎ᠡ ᠬᠡᠯᠪᠡᠷᠢ ᠶᠢᠨ ᠣᠯᠠᠨ ᠵᠠᠭᠤᠴᠢᠲᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠮᠠᠰᠢᠨ ᠲᠠᠢ ᠪᠤᠯᠪᠠ
ᠨᠡᠶᠢᠲᠡᠯᠡᠭᠰᠡᠨ ᠴᠠᠭ᠄
2021/12/13
     ᠡᠵᠡᠨ ᠬᠤᠷᠤᠭ᠎ᠠ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠬᠤ ᠭᠠᠵᠠᠷ ᠤᠨ ᠮᠡᠳᠡᠭᠡ ᠵᠠᠩᠬᠢ ᠶᠢᠨ ᠪᠠᠲᠤᠯᠠᠭ᠎ᠠ ᠶᠢᠨ ᠲᠦᠪ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠭᠵᠢᠯᠲᠡ  ᠶᠢᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ  ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠬᠤ ᠭᠠᠵᠠᠷ ᠤᠨ ᠮᠡᠳᠡᠭᠡ ᠵᠠᠩᠬᠢ ᠶᠢᠨ ᠪᠠᠲᠤᠯᠠᠭ᠎ᠠ ᠶᠢᠨ ᠲᠥᠪ  ᠠᠴᠠ ᠤᠰᠤᠨ ᠡᠷᠭᠢ ᠶᠢᠨ ᠰᠢᠨ᠎ᠡ ᠬᠤᠲᠠ ᠎ ᠶᠢᠨ ᠲᠦᠪ ᠴᠡᠴᠡᠷᠯᠢᠭ ᠲᠤ᠂ ᠮᠠᠨ ᠤ ᠬᠤᠰᠢᠭᠤᠨ ᠤ ᠠᠩᠬᠠᠳᠠᠭᠴᠢ ᠰᠢᠨ᠎ᠡ ᠬᠡᠯᠪᠡᠷᠢ ᠶᠢᠨ LED ᠣᠯᠠᠨ ᠵᠠᠭᠤᠴᠢᠲᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠥᠭᠬᠦ ᠮᠠᠰᠢᠨ ᠤᠭᠰᠠᠷᠠᠪᠠ᠃      ᠰᠢᠨ᠎ᠡ ᠬᠡᠯᠪᠡᠷᠢ ᠶᠢᠨ ᠣᠯᠠᠨ ᠵᠠᠭᠤᠴᠢᠲᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠮᠠᠰᠢᠨ ᠎ ᠨᠢ ᠴᠠᠬᠢᠯᠭᠠᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠮᠠᠰᠢᠨ᠂ LED ᠡᠯᠧᠺᠲᠷᠣᠨ ᠳᠡᠯᠭᠡᠴᠡ᠂ ᠰᠡᠷᠡᠮᠵᠢ ᠶᠢᠨ ᠳ᠋ᠧᠩ ᠵᠡᠷᠭᠡ ᠬᠡᠰᠡᠭ ᠢᠶᠠᠷ ᠪᠦᠷᠢᠯᠳᠦᠵᠦ᠂ ᠤᠯᠠᠮᠵᠢᠯᠠᠯᠲᠤ ᠰᠡᠷᠡᠮᠵᠢ ᠶᠢᠨ ᠳᠣᠬᠢᠶ᠎ᠠ ᠥᠭᠬᠦ ᠲᠤᠨᠤᠭ ᠲᠠᠢ ᠬᠠᠷᠢᠴᠠᠭᠤᠯᠪᠠᠯ᠂ ᠡᠨᠡᠬᠦ ᠰᠢᠨ᠎ᠡ ᠬᠡᠯᠪᠡᠷᠢ ᠶᠢᠨ ᠰᠡᠷᠡᠮᠵᠢ ᠶᠢᠨ ᠳᠣᠬᠢᠶᠠᠨ ᠤ ᠮᠠᠰᠢᠨ ᠨᠢ ᠳᠠᠭᠤᠨ ᠳᠠᠪᠲᠠᠮᠵᠢ ᠶᠢᠨ ᠳᠣᠬᠢᠶ᠎ᠠ ᠦᠭᠬᠦ ᠠᠴᠠ ᠭᠠᠳᠠᠨ᠎ᠠ ᠪᠠᠰᠠ ᠬᠠᠷᠠᠭᠠᠨ ᠳᠠᠪᠲᠠᠮᠵᠢ᠂ ᠦᠰᠦᠭ ᠪᠢᠴᠢᠭ᠂ ᠵᠢᠷᠤᠭ ᠳᠦᠷᠰᠦ ᠶᠢᠨ ᠮᠡᠳᠡᠭᠡ‌ᠵᠠᠩᠬᠢ ᠨᠡᠶᠢᠲᠡᠯᠡᠵᠦ ᠪᠣᠯᠬᠤ ᠳᠡᠯᠭᠡᠴᠡ ᠲᠠᠢ᠂ ᠴᠢᠳᠠᠮᠵᠢ ᠨᠢ ᠨᠡᠩ ᠪᠦᠷᠢᠨ ᠭᠦᠢᠴᠡᠳ ᠪᠠᠶᠢᠵᠤ ᠂ ᠲᠡᠶᠢᠨ ᠤ ᠦᠶ᠎ᠡ ᠳᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠥᠭᠴᠦ ᠴᠢᠳᠠᠬᠤ ᠪᠠᠷ ᠪᠠᠷᠠᠬᠤ ᠦᠭᠡᠢ᠂ ᠡᠳᠦᠷ ᠲᠤᠲᠤᠮ ᠤᠨ ᠠᠷᠠᠳ ᠤᠨ ᠰᠡᠷᠭᠡᠶᠢᠯᠡᠯᠲᠡ ᠶᠢᠨ ᠮᠡᠳᠡᠯᠭᠡ ᠶᠢ ᠤᠬᠠᠭᠤᠯᠬᠤ ᠳᠤ ᠭᠡᠷᠡᠭᠯᠡᠨ᠂ ᠴᠠᠭ ᠠᠭᠤᠷ ᠤᠨ ᠭᠠᠢ ᠭᠠᠮᠰᠢᠭ᠂ ᠭᠠᠵᠠᠷ ᠬᠥᠳᠡᠯᠦᠯᠲᠡ᠂ ᠲᠠᠶᠢᠹᠧᠩ ᠰᠠᠯᠬᠢ᠂ ᠬᠢᠮᠢ ᠶᠢᠨ ᠪᠤᠳᠠᠰ ᠤᠨ ᠠᠳᠡᠯ ᠵᠡᠷᠭᠡ ᠶᠢ ᠰᠡᠷᠡᠮᠵᠢᠯᠡᠭᠦᠯᠬᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠰᠢᠨᠵᠢᠯᠡᠬᠦ ᠤᠬᠠᠭᠠᠨ ᠤ ᠮᠡᠳᠡᠯᠭᠡ ᠂ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠨᠡᠶᠢᠬᠡᠮ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠴᠢᠳᠠᠪᠤᠷᠢ ᠶᠢ ᠶᠡᠬᠡᠪᠡᠷ ᠨᠡᠮᠡᠭᠳᠡᠭᠦᠯᠵᠦ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠨ᠂ ᠠᠷᠠᠳ ᠲᠤ ᠳᠥᠭᠦᠮ ᠦᠵᠡᠭᠦᠯᠬᠦ ᠶᠢ ᠦᠨᠡᠨᠬᠦ ᠬᠦᠢᠴᠡᠳᠭᠡᠵᠦ ᠴᠢᠳᠠᠬᠤ ᠪᠤᠯᠤᠨ᠎ᠠ᠃      ᠡᠨᠡ ᠬᠦ ᠬᠡᠯᠪᠡᠷᠢ ᠶᠢᠨ ᠣᠯᠠᠨ ᠵᠠᠭᠤᠴᠢᠲᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠮᠠᠰᠢᠨ ᠢ ᠤᠭᠰᠠᠷᠠᠭᠰᠠᠨ ᠨᠢ ᠮᠠᠨ ᠤ ᠬᠤᠰᠢᠭᠤᠨ ᠤ ᠣᠯᠠᠨ ᠵᠠᠭᠤᠴᠢᠲᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠮᠠᠰᠢᠨ ᠦᠭᠡᠢ ᠲᠡᠤᠬᠡ ᠶᠢ ᠡᠴᠤᠰᠯᠠᠬᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠮᠠᠰᠢᠨ ᠤ ᠳᠠᠩ ᠴᠤᠯᠭᠤᠢ ᠴᠢᠳᠠᠮᠵᠢ ᠲᠠᠢ ᠪᠠᠶᠢᠭᠰᠠᠨ ᠠᠴᠠ ᠣᠯᠠᠨ ᠴᠢᠳᠠᠪᠬᠢ ᠲᠠᠢ ᠪᠤᠯᠠᠬᠤ ᠳᠠᠰᠢ ᠬᠤᠪᠢᠷᠠᠭᠤᠯᠬᠤ ᠶᠢ ᠪᠡᠶᠡᠯᠡᠬᠦᠯᠵᠦ ᠴᠢᠳᠠᠬᠤ ᠪᠣᠯᠤᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号