ᠡᠵᠡᠨ ᠬᠤᠷᠤᠭ᠎ᠠ ᠬᠤᠰᠢᠭᠤᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠬᠤᠶ ᠲᠠᠯᠠᠪᠠᠶ ᠡᠮᠬᠢ ᠴᠡᠭᠴᠡ ᠲᠠᠢ᠂ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠠᠵᠢᠯᠯᠠᠵᠤ ᠪᠠᠶᠢᠨ᠎ᠠ︕
ᠨᠡᠶᠢᠲᠡᠯᠡᠭᠰᠡᠨ ᠴᠠᠭ᠄
2021/12/13
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠶ ᠪᠥᠭᠡᠳ ᠪᠦᠲᠦᠮᠵᠢᠲᠡᠶ ᠰᠠᠶᠢᠲᠤᠷ ᠬᠢᠵᠦ᠂ ᠨᠢᠭᠤᠭᠳᠠᠮᠠᠯ ᠬᠠᠯᠳᠠᠪᠤᠷᠢᠯᠠᠭᠰᠠᠳ ᠢ ᠲᠦᠢᠯᠪᠤᠷᠢᠲᠠᠶ ᠵᠢᠭᠰᠠᠭᠠᠨ ᠪᠠᠶᠢᠴᠠᠭᠠᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 25᠎ ᠤ ᠡᠳᠦᠷ᠂ ᠣᠷᠳᠣᠰ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ︽ᠣᠷᠳᠣᠰ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ︾᠎ ᠢ ᠨᠡᠶᠢᠲᠡᠯᠡᠪᠡ᠂ ᠵᠠᠷᠯᠠᠯ ᠳᠤ᠄ ᠤᠷᠳᠤᠰ ᠠᠴᠠ ᠪᠤᠰᠤᠳ ᠭᠠᠵᠠᠷ ᠤᠷᠤᠨ ᠠᠴᠠ ᠣᠷᠳᠣᠰ ᠲᠤ ᠢᠷᠡᠬᠦ ᠠᠯᠢᠪᠠ ᠬᠦᠮᠦᠰ ᠡᠷᠬᠡᠪᠰᠢ 48 ᠴᠠᠭ ᠤᠨ ᠲᠤᠳᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠬᠦᠯᠦᠯᠳᠡ ᠪᠠᠶᠢᠬᠤ ᠬᠡᠷᠡᠭᠲᠡᠶ᠃      10 ᠳ᠋ᠤᠭᠠᠷ ᠰᠠᠷ᠎ᠠ ᠶᠢᠨ 25᠎ ᠤ ᠡᠳᠦᠷ᠂ ᠮᠠᠨ ᠤ ᠬᠤᠰᠢᠭᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠭᠳᠠᠭᠰᠠᠨ 1 ᠡᠪᠡᠳᠴᠢᠲᠡᠨ ᠢᠯᠡᠷᠡᠪᠡ᠃ ︽ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾᠎ ᠢ ᠦᠨᠳᠦᠰᠦᠯᠡᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠡᠵᠡᠨ ᠬᠤᠷᠤᠭ᠎ᠠ ᠬᠤᠰᠢᠭᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ IV ᠲᠠᠰ ᠤᠨ ᠠᠵᠢᠯᠯᠠᠭ᠎ᠠ ᠶᠢ ᠡᠬᠢᠯᠡᠨ ᠬᠡᠷᠡᠭᠵᠢᠬᠦᠯᠬᠦ ᠪᠠᠷ ᠲᠣᠭᠲᠠᠪᠠ᠃ ᠪᠥᠬᠦ ᠬᠤᠰᠢᠭᠤᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠡᠭᠦᠨ ᠳᠤ ᠨᠠᠷᠢᠨᠳᠤᠬᠤᠢ ᠪᠠᠯᠭᠠᠰᠤ ᠪᠥᠬᠦ ᠭᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠪᠡ᠃      ᠨᠠᠷᠢᠨᠳᠤᠬᠤᠢ ᠪᠠᠯᠭᠠᠰᠤᠨ ᠤ ᠥᠯᠢᠭᠡᠷ ᠭᠡᠪ ᠠᠪᠬᠤ ᠴᠡᠭ      ᠲᠣᠰ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠨᠠᠷᠢᠨᠳᠤᠬᠤᠢ ᠪᠠᠯᠭᠠᠰᠤᠨ ᠳᠤ ᠨᠡᠶᠢᠲᠡ 15 ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠲᠣᠬᠢᠷᠠᠭᠤᠯᠵᠤ᠂ ᠣᠳᠣᠬᠠᠨ ᠳᠤ ᠪᠥᠬᠦ ᠭᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠭᠡᠪ ᠠᠪᠬᠤ ᠠᠵᠢᠯ ᠢ ᠪᠦᠬᠦᠨ ᠢ ᠪᠡᠶᠡᠯᠡᠭᠦᠯᠪᠡ᠃ 10 ᠳ᠋ᠤᠭᠠᠷ ᠰᠠᠷ᠎ᠠ ᠶᠢᠨ 26᠎ ᠤ ᠡᠳᠦᠷ ᠤᠨ 14 ᠴᠠᠭ ᠪᠣᠯᠲᠠᠯ᠎ᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠨᠡᠶᠢᠲᠡ 35133 ᠬᠤᠪᠢ ᠥᠯᠢᠭᠡᠷ ᠭᠡᠪ ᠠᠪᠴᠤ᠂ ᠨᠢᠭᠡᠨᠲᠡ ᠭᠠᠷᠭᠠᠭᠰᠠᠨ 18860 ᠬᠤᠪᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠳ᠋ᠦᠩ ᠨᠢ ᠴᠥᠮ ᠪᠢᠯᠢᠭ ᠴᠢᠨᠠᠷ ᠲᠠᠢ ᠪᠠᠶᠢᠵᠦ᠂ ᠪᠤᠰᠤᠳ ᠢ ᠨᠢ ᠶᠠᠭ ᠦᠷᠬᠦᠯᠵᠢᠯᠡᠨ ᠰᠢᠯᠭᠠᠨ ᠪᠠᠶᠢᠴᠠᠭᠠᠵᠤ ᠪᠠᠶᠢᠨ᠎ᠠ᠃      ᠡᠵᠡᠨ ᠬᠤᠷᠤᠭ᠎ᠠ ᠬᠤᠰᠢᠭᠤᠨ ᠎ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠬᠤ ᠴᠡᠭ     ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠬᠤ ᠴᠡᠭ ᠲᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠷ ᠢᠷᠡᠭᠰᠡᠨ ᠬᠤᠲᠠ ᠶᠢᠨ ᠠᠷᠠᠳ ᠤᠬᠠᠮᠰᠠᠷ ᠠᠴᠠ ᠪᠠᠨ ᠠᠮᠠᠪᠴᠢ ᠵᠡᠭᠦᠵᠦ᠂ ᠠᠵᠢᠯᠲᠠᠨ ᠤ ᠵᠢᠯᠣᠭᠤᠳᠣᠯᠭ᠎ᠠ ᠪᠠ ᠬᠠᠪᠰᠤᠷᠤᠯᠭ᠎ᠠ ᠳᠤᠤᠷ᠎ᠠ᠂ ᠡᠮᠬᠢ ᠵᠢᠷᠤᠮ ᠲᠠᠢ ᠪᠠᠷ ᠺᠣᠳ᠋ ᠰᠢᠷᠪᠢᠵᠦ᠂ ᠨᠢᠭᠡ ᠮᠧᠲᠷ ᠠᠴᠠ ᠬᠤᠯᠠ ᠵᠠᠶᠢᠳᠠᠢ ᠮᠦᠷᠯᠡᠵᠦ ᠪᠠᠶᠢᠪᠠ᠃ ᠡᠮᠨᠡᠯᠭᠡ ᠶᠢᠨ ᠠᠵᠢᠯᠲᠠᠳ ᠰᠢᠯᠭᠠᠨ ᠪᠠᠶᠢᠴᠠᠭᠠᠬᠤ ᠵᠢᠷᠤᠮᠵᠢᠯ ᠶᠤᠰᠤᠭᠠᠷ ᠴᠢᠩᠭ᠎ᠠ ᠵᠢᠷᠤᠮᠯᠠᠨ ᠳᠡᠩᠰᠡᠯᠡᠨ ᠲᠡᠮᠳᠡᠭᠯᠡᠵᠦ᠂ ᠮᠡᠳᠡᠭᠡ ᠵᠠᠩᠭᠢ ᠶᠢ ᠬᠠᠷᠭᠤᠭᠤᠯᠤᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠥᠯᠢᠭᠡᠷ  ᠴᠤᠬᠯᠠᠭᠤᠯᠵᠦ ᠪᠠᠶᠢᠨ᠎ᠠ᠃     ᠡᠵᠡᠨ ᠬᠤᠷᠤᠭ᠎ᠠ ᠬᠤᠰᠢᠭᠤᠨ ᠤ ᠮᠣᠩᠭᠤᠯ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠴᠡᠭ      ᠡᠵᠡᠨ ᠬᠤᠷᠤᠭ᠎ᠠ ᠬᠤᠰᠢᠭᠤᠨ ᠤ ᠮᠣᠩᠭᠤᠯ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠬᠤ ᠴᠡᠭ ᠤᠨ ᠦᠯᠢᠭᠡᠷ ᠴᠤᠬᠯᠠᠭᠤᠯᠬᠤ ᠲᠤᠬᠠᠢ ᠶᠢᠨ ᠲᠠᠯᠠᠪᠠᠢ ᠳᠤ᠂ ᠬᠡᠳᠦ᠋ᠢᠪᠡᠷ ᠬᠦᠮᠤᠰ ᠵᠠᠰᠠᠮᠠᠯ ᠵᠠᠮ ᠬᠦᠷᠳᠡᠯ᠎ᠡ ᠮᠥᠷᠥᠯᠡᠭᠰᠡᠨ ᠪᠣᠯᠪᠠᠴᠤ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠮᠠᠰᠢ ᠰᠠᠶᠢᠨ ᠪᠠᠶᠢᠬᠤ ᠶᠢ ᠣᠯᠵᠤ ᠬᠠᠷᠠᠪᠠ᠃      ᠲᠣᠰ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠡᠶᠢᠲᠡ 386 ᠥᠯᠢᠭᠡᠷ ᠴᠤᠬᠯᠠᠭᠤᠯᠬᠤ ᠠᠵᠢᠯᠲᠠᠨ ᠳᠤ ᠪᠤᠯᠪᠠᠰᠤᠷᠠᠯ ᠬᠦᠷᠳᠡᠭᠡᠵᠦ᠂ ᠪᠥᠬᠦ ᠬᠤᠰᠢᠭᠤᠨ ᠳᠤ 85  ᠪᠠᠶᠢᠴᠠᠭᠠᠨ ᠰᠢᠯᠭᠠᠵᠦ ᠥᠯᠢᠭᠡᠷ ᠴᠤᠬᠯᠠᠭᠤᠯᠬᠤ ᠴᠡᠭ ᠭᠠᠷᠭᠠᠪᠠ᠃ ᠣᠳᠣᠬᠠᠨ ᠳᠤ᠂ ᠡᠯ᠎ᠡ ᠥᠯᠢᠭᠡᠷ ᠴᠤᠬᠯᠠᠭᠤᠯᠬᠤ ᠴᠡᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠮᠥᠨ ᠯᠡ ᠡᠷᠴᠢᠮᠳᠠᠢ ᠶᠠᠪᠤᠭᠳᠠᠵᠤ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号