︽ᠵᠠᠭᠤᠨ ᠵᠢᠯ ᠤᠨ ᠠᠶᠠᠨ ᠢ ᠮᠠᠭᠲᠠᠨ ᠳᠠᠭᠤᠯᠠᠵᠤ ᠡᠬᠡ ᠤᠯᠤᠰ ᠤᠨ ᠮᠡᠨᠳᠦᠯᠡᠭᠰᠡᠨ ᠡᠳᠦᠷ ᠢ ᠪᠡᠯᠭᠡᠯᠡᠬᠦ︾ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠠᠮᠵᠢᠯᠳᠠ ᠲᠠᠢ ᠶᠠᠪᠤᠬᠳᠠᠪᠠ
ᠨᠡᠶᠢᠲᠡᠯᠡᠭᠰᠡᠨ ᠴᠠᠭ᠄
2021/12/13
      9 ᠳ᠋ᠤᠭᠡᠷ ᠰᠠᠷ᠎ᠠ ᠶᠢᠨ 24᠎ ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨ ︽ᠵᠠᠭᠤᠨ ᠵᠢᠯ ᠤᠨ ᠠᠶᠠᠨ ᠵᠠᠮ ᠢ ᠮᠠᠭᠲᠠᠨ ᠳᠠᠭᠤᠯᠠᠵᠤ ᠡᠬᠡ ᠤᠯᠤᠰ ᠤᠨ ᠮᠡᠨᠳᠦᠯᠡᠭᠰᠡᠨ ᠡᠳᠦᠷ ᠢ ᠪᠡᠯᠭᠡᠯᠡᠬᠦ︾ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠦᠷᠨᠢᠬᠦᠯᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠬᠠᠨ ᠯᠢ᠂ ᠰᠢᠶᠧ ᠯᠢ ᠶᠤᠸᠠᠨ ᠠᠵᠢᠯᠯᠠᠭ᠎ᠠ ᠳᠤ ᠣᠷᠣᠯᠴᠠᠪᠠ᠃      ᠤᠷᠤᠯᠳᠤᠭᠠᠨ ᠢ ᠪᠡᠯᠡᠳᠬᠡᠯ ᠤᠷᠤᠯᠳᠤᠭᠠᠨ ᠪᠠ ᠰᠢᠢᠳᠪᠦᠷᠢᠳᠦ ᠤᠷᠤᠯᠳᠤᠭᠠᠨ ᠭᠡᠵᠦ ᠬᠤᠶᠠᠷ ᠭᠤᠭᠴᠤᠭ᠎ᠠ ᠬᠤᠪᠢᠶᠠᠨ᠂ ᠨᠡᠶᠢᠲᠡ 11  ᠲᠤᠭᠤᠶᠢᠯᠠᠩ ᠤᠷᠤᠯᠳᠤᠭᠠᠨ ᠳᠤ ᠣᠷᠣᠯᠴᠠᠵᠤ᠂ ᠡᠴᠦᠰ ᠲᠡᠭᠡᠨ 6 ᠲᠤᠭᠤᠶᠢᠯᠠᠩ ᠰᠢᠢᠳᠪᠦᠷᠢᠳᠦ ᠤᠷᠤᠯᠳᠤᠭᠠᠨ ᠳᠤ ᠣᠷᠣᠪᠠ᠃ ᠤᠷᠤᠯᠳᠤᠭᠠᠨ ᠳᠤ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠳᠤᠭᠤᠶᠢᠯᠠᠩ ᠤᠨ ᠪᠤᠯᠢᠶᠠᠯᠳᠤᠨ ᠬᠠᠷᠢᠭᠤᠯᠬᠤ ᠰᠡᠳᠦᠪ ᠵᠢᠴᠢ  ᠦᠪᠡᠰᠦᠪᠡᠨ ᠰᠤᠩᠭᠤᠬᠤ ᠲᠦᠭᠰᠢᠬᠦᠷᠢᠳᠦ ᠰᠡᠳᠦᠪ ᠬᠡᠬᠦ ᠳᠥᠷᠪᠡᠨ ᠬᠡᠯᠪᠡᠷᠢ ᠪᠠᠷ  ᠬᠤᠪᠢ ᠲᠡᠮᠳᠡᠭᠯᠡᠨ ᠶᠠᠪᠤᠬᠳᠠᠵᠦ᠂ ᠰᠡᠳᠦᠪ ᠤᠨ ᠠᠭᠤᠯᠭ᠎ᠠ ᠳᠤ ᠨᠠᠮ ᠤᠨ ᠲᠡᠦᠬᠡ ᠶᠢᠨ ᠮᠡᠳᠡᠯᠭᠡ᠂ ᠨᠠᠮ ᠤᠨ ᠲᠦᠷᠢᠮ ᠨᠠᠮ ᠤᠨ ᠰᠠᠬᠢᠯᠭ᠎ᠠ ᠪᠠᠲᠤ᠂ ᠤᠯᠤᠰ ᠲᠥᠷᠥ ᠶᠢᠨ ᠵᠥᠪᠯᠡᠯᠭᠡᠨ ᠤ ᠣᠨᠣᠯ ᠤᠨ ᠮᠡᠳᠡᠯᠭᠡ ᠪᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠬᠠᠮᠤᠷᠴᠠᠶ᠃ ᠤᠷᠤᠯᠳᠤᠭᠠᠨ ᠢᠶᠠᠷ ᠳᠠᠮᠵᠢᠭᠤᠯᠤᠨ᠂ ᠤᠷᠤᠯᠳᠤᠭᠠᠨ ᠳᠤ ᠣᠷᠣᠯᠴᠠᠭᠰᠠᠳ ᠤᠨ ᠨᠠᠮ ᠤᠨ ᠲᠡᠦᠬᠡ ᠶᠢᠨ ᠮᠡᠳᠡᠯᠭᠡ ᠶᠢ ᠡᠵᠡᠮᠰᠢᠭᠰᠡᠨ ᠪᠠ ᠬᠡᠷᠡᠭᠯᠡᠭᠰᠡᠨ ᠪᠠᠶᠢᠳᠠᠯ ᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ ᠪᠠᠷ ᠲᠠᠮᠵᠢᠨ᠂ ᠰᠤᠷᠤᠭᠰᠠᠨ ᠢᠶᠠᠨ ᠬᠡᠷᠡᠭᠯᠡᠬᠦ ᠵᠣᠷᠢᠯᠭ᠎ᠠ ᠳᠤ ᠬᠦᠷᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠥᠷᠨᠢᠯᠲᠡ ᠶᠢ ᠪᠤᠢ ᠪᠣᠯᠭᠠᠪᠠ᠃      ᠤᠷᠤᠯᠳᠤᠭᠠᠨ ᠳᠤ ᠣᠷᠣᠯᠴᠠᠭᠰᠠᠳ᠂ ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠭᠦᠨᠵᠡᠭᠡᠶ ᠰᠤᠷᠤᠯᠴᠠᠬᠤ ᠳᠤᠮᠳᠠ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠬᠤ ᠳᠤᠮᠳᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠦᠢᠯᠡᠳᠦᠯᠭᠡ ᠶᠢᠨ ᠳᠤᠮᠳᠠ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ᠂ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠡᠵᠡᠨ ᠬᠤᠷᠤᠭ᠎ᠠ ᠬᠤᠰᠢᠭᠤ ᠶᠢ ᠪᠥᠲᠥᠭᠡᠨ ᠪᠠᠶᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃                                    
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号