ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠲᠦᠷᠰᠦ ᠰᠢᠩᠭᠡᠭᠡᠯᠳᠡ ᠶᠢᠨ ᠤᠷᠤᠯᠳᠤᠭᠠᠨ ᠠᠮᠵᠢᠯᠲᠠᠲᠠᠶ ᠶᠠᠪᠤᠬᠳᠠᠬᠰᠠᠨ
ᠨᠡᠶᠢᠲᠡᠯᠡᠭᠰᠡᠨ ᠴᠠᠭ᠄
2021/12/13
     ᠣᠶᠢᠷ᠎ᠠ ᠳᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠡᠷᠬᠢᠯᠡᠭᠰᠡᠨ ᠦᠵᠡᠯ ᠰᠠᠨᠠᠭ᠎ᠠ ᠤᠯᠤᠰ ᠲᠥᠷᠥ ᠶᠢᠨ ᠰᠢᠨ᠎ᠡ ᠶᠢ ᠡᠬᠦᠳᠬᠦ ᠬᠢᠴᠢᠶᠡᠯ ᠪᠤᠯᠬᠤ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠲᠦᠷᠰᠦ ᠰᠢᠩᠭᠡᠭᠡᠯᠳᠡ ᠶᠢᠨ ᠤᠷᠤᠯᠳᠤᠭᠠᠨ ᠶᠠᠪᠤᠬᠳᠠᠪᠠ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠤᠨ ᠠᠯᠪᠠᠨ ᠭᠡᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠷᠤᠯᠳᠤᠭᠠᠨ ᠳᠤ ᠣᠷᠣᠯᠴᠠᠪᠠ᠃      ᠤᠷᠤᠯᠳᠤᠭᠠᠨ ᠳᠤ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠠᠭᠰᠢ ᠨᠠᠷ ᠨᠢᠭᠡᠨ ᠤᠷᠤᠯᠳᠤᠭᠠᠨ ᠳᠤ ᠣᠷᠣᠯᠴᠠᠭᠴᠢ ᠪᠣᠯᠤᠭᠰᠠᠨ ᠤ ᠬᠤᠪᠢ ᠳᠤ᠂ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ  ᠬᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠡᠳᠦᠵᠦ᠂  ᠠᠮᠢᠳᠤᠯᠢᠭ ᠵᠢᠱᠢᠶ᠎ᠡ ᠳᠤ ᠰᠠᠭᠤᠷᠢᠯᠡᠨ᠂ ᠡᠯᠪᠡᠭ ᠪᠠᠶᠠᠯᠢᠭ ᠮᠡᠷᠭᠡᠵᠢᠯ ᠤᠨ ᠠᠷᠭ᠎ᠠ ᠪᠠᠷᠢᠯ ᠢ ᠭᠡᠷᠡᠭᠯᠡᠨ᠂ ︽ᠪᠦᠲᠦᠭᠡᠯ ᠤᠨ ᠲᠠᠶᠢᠯᠪᠤᠷᠢᠯᠠᠯᠲᠠ + ᠪᠢᠴᠢᠯ ᠬᠢᠴᠢᠶᠡᠯ ᠤᠨ ᠦᠵᠡᠭᠦᠯᠦᠯᠭᠡ︾᠎ ᠶᠢᠨ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠬᠦᠯᠵᠦ᠂ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠵᠦ᠂ ᠢᠳᠡᠪᠬᠢ ᠬᠦᠴᠦᠨ ᠢ ᠲᠠᠮᠵᠢᠭᠤᠯᠤᠨ᠂ ᠭᠤᠤᠯ ᠬᠥᠭ ᠠᠶᠠᠰ ᠢ ᠪᠠᠳᠠᠷᠠᠭᠤᠯᠵᠤ᠂ ᠲᠤᠰᠬᠠᠶ ᠮᠡᠷᠭᠡᠵᠢᠯ ᠤᠨ ᠰᠢᠯᠭᠠᠷᠠᠭᠤᠯᠤᠯᠲᠠ ᠶᠢᠨ ᠰᠠᠶᠢᠨ ᠦᠨᠡᠯᠡᠯᠳᠡ ᠶᠢ ᠤᠯᠪᠠ᠃      ᠲᠣᠰ ᠤᠳᠠᠭᠠᠨ ᠤ ᠤᠷᠤᠯᠳᠤᠭᠠᠨ ᠢ ᠲᠡᠭᠡᠳᠦ ᠳᠤᠮᠳᠠᠳᠤ᠂ ᠠᠩᠬ᠎ᠠ ᠳᠤᠮᠳᠠᠳᠤ  ᠪᠠ ᠪᠠᠭ᠎ᠠ ᠰᠤᠷᠭᠠᠭᠤᠯᠢ ᠶᠢᠨ ᠳᠤᠭᠤᠶᠢᠯᠠᠩ ᠭᠡᠵᠦ ᠬᠤᠪᠢᠶᠠᠨ᠂ ᠰᠢᠷᠦᠭᠦᠨ ᠥᠷᠢᠰᠥᠯᠳᠦᠭᠡᠨ ᠪᠠ ᠬᠢᠨᠠᠨ ᠰᠢᠯᠭᠠᠷᠠᠭᠤᠯᠤᠯᠳᠠ ᠪᠠᠷ ᠳᠡᠮᠵᠢᠨ᠂ ᠣᠨᠴᠠ ᠲᠠᠰ ᠲᠤ 3 ᠬᠥᠮᠦᠨ᠂ ᠨᠢᠭᠡᠳᠦᠭᠡᠷ ᠳᠡᠰ ᠲᠤ 10 ᠬᠥᠮᠦᠨ᠂ ᠬᠤᠶᠠᠳᠤᠭᠠᠷ ᠳᠡᠰ ᠲᠤ 8 ᠬᠥᠮᠦᠨ᠂ ᠰᠢᠯᠢᠳᠡᠭ ᠲᠡᠰ ᠲᠤ 6 ᠬᠥᠮᠦᠨ ᠢ ᠰᠢᠯᠭᠠᠷᠠᠭᠤᠯᠤᠨ ᠭᠠᠷᠭᠠᠭᠰᠠᠨ ᠪᠥᠭᠡᠳ ᠲᠤᠬᠠᠶ ᠶᠢᠨ ᠲᠠᠯᠠᠪᠠᠶ ᠳᠤ ᠱᠠᠩᠨᠠᠯ  ᠬᠦᠬᠢᠬᠦᠯᠦᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠨᠢ ᠪᠥᠬᠦ ᠪᠠᠭᠰᠢ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠦᠢᠴᠡᠳ ᠳᠠᠶᠢᠴᠢᠯᠠᠵᠤ᠂ ᠰᠤᠷᠤᠭᠴᠢᠳ ᠤᠨ ᠪᠡᠶᠡᠴᠢ ᠴᠤᠭᠴᠠᠳᠤ ᠴᠢᠨᠠᠷ ᠢ ᠪᠠᠳᠠᠷᠠᠭᠤᠯᠤᠨ᠂ ᠮᠠᠨ ᠤ ᠬᠤᠰᠢᠭᠤᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃                  
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号