ᠡᠵᠡᠨ ᠬᠤᠷᠤᠭ᠎ᠠ ᠬᠤᠰᠢᠭᠤ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/12/13
                                             ᠮᠠᠨ ᠤ ᠬᠤᠰᠢᠭᠤ ᠲᠥᠪ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠨᠠᠶᠢᠳᠠᠪᠤᠷᠢᠵᠢᠭᠤᠯᠬᠤ ᠲᠣᠭᠲᠠᠴᠠ ᠶᠢ  ᠪᠠᠶᠢᠭᠤᠯᠤᠨ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ ᠪᠠᠶᠢᠨ᠎ᠠ᠃      ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠶᠢᠨ ᠲᠥᠯᠦᠭᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠭᠤᠯᠢ ᠳᠤ ᠣᠷᠣᠵᠤ ᠪᠠᠶᠢᠴᠠᠭᠠᠨ ᠵᠢᠯᠣᠭᠤᠳᠬᠤ᠂ ᠰᠦᠯᠵᠢᠶᠡᠨ ᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠬᠢᠨᠠᠨ ᠵᠢᠯᠣᠭᠤᠳᠴᠤ ᠰᠢᠯᠭᠠᠨ ᠦᠨᠡᠯᠡᠬᠦ ᠵᠡᠷᠭᠡ ᠣᠯᠠᠨ ᠵᠦᠢᠯ ‍ᠦᠨ‌ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠷᠭᠠᠭᠤᠯᠢ ᠶᠢᠨ ᠰᠤᠷᠤᠭᠴᠢᠳ ‍ᠤᠨ‌‍ᠲ᠋ᠠᠰᠬᠠᠯ ᠳᠠᠭᠠᠭᠠᠯᠭᠠᠪᠤᠷᠢ ‍ᠤᠨ‌‍ᠲ᠋ᠠᠷᠤᠭᠠᠰᠤ ᠵᠢ‌‍ᠬᠥ᠋ᠩᠭᠡᠷᠡᠭᠦᠯᠬᠦ‌ᠠᠵᠢᠯ ‍ᠢ‌‍ᠭᠦ᠋ᠨᠵᠡᠭᠡᠶᠢᠷᠡᠭᠦᠯᠦᠨ ᠪᠤᠳᠠᠳᠠᠶᠢᠵᠢᠭᠤᠯᠬᠤ ᠵᠢ‌ᠠᠬᠢᠭᠤᠯᠵᠠᠢ᠃ ᠡᠭᠦᠨ ᠤ ᠬᠠᠮᠲᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠬᠥᠩᠭᠡᠷᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠬᠠᠷᠠᠯᠲᠠ ᠪᠠ  ᠭᠤᠣᠯᠳᠠᠯᠭᠠᠲᠤ ᠡᠭᠦᠷᠭᠡ ᠲᠠᠢ ᠬᠠᠷᠠᠭᠠᠯᠵᠠᠭᠤᠯᠤᠨ᠂ ᠰᠤᠷᠭᠠᠭᠤᠯᠢ  ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠪᠠᠭᠠᠰᠬᠠᠭᠰᠠᠨ ᠪᠠᠶᠢᠳᠠᠯ ᠢ ᠦᠨᠡᠯᠡᠨ ᠵᠢᠱᠢᠵᠤ᠂  ︽ᠬᠤᠶᠠᠷ ᠢ ᠬᠥᠩᠭᠡᠷᠡᠭᠦᠯᠦᠭᠰᠡᠨ︾᠎ ᠠᠴᠠ  ᠨᠠᠭᠠᠰᠢᠬᠢ  ᠰᠤᠷᠭᠠᠭᠤᠯᠢ ᠶᠢᠨ ᠭᠠᠳᠠᠨᠠᠬᠢ ᠬᠢᠴᠢᠶᠡᠯ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠬᠠᠭᠠᠵᠤ ᠵᠣᠭᠰᠣᠭᠠᠭᠰᠠᠨ ᠪᠠᠶᠢᠳᠠᠯ ᠪᠠ ᠰᠤᠷᠭᠠᠭᠤᠯᠢ ᠶᠢᠨ ᠭᠠᠳᠠᠨᠠᠬᠢ ᠬᠢᠴᠢᠶᠡᠯ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠎ ᠳᠤ ᠣᠷᠣᠯᠴᠠᠭᠰᠠᠨ ᠪᠠᠶᠢᠳᠠᠯ ᠵᠡᠷᠭᠡ ᠎ ᠶᠢ ᠪᠠᠶᠢᠴᠠᠭᠠᠨ ᠣᠶᠢᠯᠠᠭᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠣᠷᠳᠣ ᠬᠤᠭᠤᠴᠠᠭ᠎ᠠ ᠪᠠᠷ ᠬᠡᠷᠡᠭᠵᠢᠭᠦᠯᠬᠦ ᠎ ᠪᠠᠷ ᠪᠠᠶᠢᠨ᠎ᠠ  ᠃      ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠬᠢᠭᠡᠳ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠤᠨ ᠡᠷᠬᠢᠯᠡᠭᠴᠢ ᠵᠠᠩ ᡁᠢ ᠵᠢᠶᠦ᠋ᠨ ᠰᠤᠷᠪᠤᠯᠵᠢᠯᠠᠬᠴᠢ ᠳᠤ᠄ ︽ᠪᠢᠳᠡ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠶᠡᠷᠦᠩᠬᠡᠶᠢᠯᠡᠨ ᠵᠠᠰᠠᠬᠤ ᠳᠤ ᠬᠢᠨᠠᠯᠲᠠ ᠲᠠᠯᠪᠢᠵᠦ᠂ ᠢᠯᠡᠴᠢᠯᠡᠨ ᠮᠡᠳᠡᠭᠦᠯᠬᠦ ᠲᠠᠪᠴᠠᠩ ᠢ ᠪᠠᠶᠢᠭᠤᠯᠤᠭᠰᠠᠨ ᠪᠥᠭᠡᠳ   ︿ᠬᠤᠶᠠᠷ ᠢ ᠬᠥᠩᠭᠡᠷᠡᠭᠦᠯᠬᠦ  ﹀ ᠨᠡᠶᠢᠭᠡᠮ ᠤᠨ ᠬᠢᠨᠠᠯᠲᠠ ᠲᠠᠯᠪᠢᠭᠴᠢ ᠶᠢᠨ ᠡᠩᠨᠡᠭᠡ ᠶᠢ ᠪᠠᠶᠢᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂  ᠨᠡᠶᠢᠭᠡᠮ ᠲᠣᠭᠤᠷᠢᠭ ᠤᠨ ᠠᠵᠢᠯᠲᠠᠨ ᠵᠡᠷᠭᠡ  ᠨᠡᠶᠢᠲᠡ 28 ᠬᠥᠮᠦᠨ ᠢ ᠤᠷᠢᠵᠤ᠂ ᠲᠣᠭᠲᠠᠭᠠᠯ ᠢ ᠵᠥᠷᠢᠴᠡᠨ ᠰᠤᠷᠭᠠᠭᠤᠯᠢ ᠶᠢᠨ ᠭᠠᠳᠠᠨᠠᠬᠢ  ᠪᠣᠯᠪᠠᠰᠤᠷᠠᠯ ᠡᠷᠬᠢᠯᠡᠭᠰᠡᠨ ᠵᠡᠷᠭᠡ  ᠦᠢᠯᠡ ᠠᠵᠢᠯᠯᠠᠭ᠎ᠠ ᠳᠤ ᠪᠦᠲᠦᠮᠵᠢᠲᠡᠶ ᠬᠢᠨᠠᠯᠲᠠ ᠲᠠᠯᠪᠢᠪᠠ︾ ᠭᠡᠯ᠎ᠡ᠃      ᠣᠶᠢᠯᠠᠭᠠᠭᠰᠠᠨ ᠢᠶᠠᠷ᠂ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠰᠢᠭᠤᠨ ᠳᠤ ᠳᠠᠩᠰᠠᠯᠠᠭᠤᠯᠤᠭᠰᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ 142 ᠪᠠᠶᠢᠵᠤ᠂ 41  ᠬᠢᠴᠢᠶᠡᠯ  ᠲᠥᠷᠥᠯ ᠤᠨ ᠪᠣᠯᠪᠠᠰᠤᠷᠠᠯ ᠤᠨ  ᠪᠠᠶᠢᠭᠤᠯᠤᠮᠵᠢ ᠨᠢ ᠣᠨ ᠤ ᠪᠠᠶᠢᠴᠠᠭᠠᠯᠲᠠ ᠶᠢ ᠥᠩᠭᠡᠷᠡᠭᠡᠵᠦ᠂ 29  ᠬᠢᠴᠢᠶᠡᠯ ᠲᠥᠷᠥᠯ ᠤᠨ ᠪᠣᠯᠪᠠᠰᠤᠷᠠᠯ ᠤᠨ  ᠪᠠᠶᠢᠭᠤᠯᠤᠮᠵᠢ ᠶᠢ ᠬᠦᠴᠦᠨ ᠥᠬᠡᠶ ᠪᠣᠯᠭᠠᠭᠰᠠᠨ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号