ᠡᠵᠡᠨ ᠬᠤᠷᠤᠭ᠎ᠠ ᠬᠤᠰᠢᠭᠤᠨ ᠳᠤ ᠪᠠᠩᠬᠢ ᠠᠴᠠ ᠡᠵᠡᠩᠨᠡᠯᠲᠡ ᠶᠢᠨ ᠦᠨᠡᠮᠯᠡᠯ ᠲᠠᠷᠤᠮᠠᠯᠯᠠᠨ ᠠᠪᠴᠤ ᠪᠤᠯᠬᠤ ᠪᠣᠯᠣᠯ᠎ᠠ
ᠨᠡᠶᠢᠲᠡᠯᠡᠭᠰᠡᠨ ᠴᠠᠭ᠄
2021/12/13
     ︽ᠣᠶᠢᠷᠠᠬᠠᠨ ᠭᠦᠢᠴᠡᠳᠬᠡᠬᠦ᠂ ᠨᠢᠭᠡ ᠯᠠ ᠤᠳᠠᠭ᠎ᠠ ᠳᠤ ᠭᠦᠢᠴᠡᠳᠬᠡᠬᠦ᠂ ᠳᠠᠷᠦ᠋ᠢᠬᠠᠨ ᠭᠦᠢᠴᠡᠳᠬᠡᠬᠦ︾ ᠨᠥᠬᠦᠴᠡᠯ ᠢ ᠪᠥᠷᠢᠯᠳᠦᠭᠦᠯᠦᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ ︽ᠵᠠᠰᠠᠭ ᠪᠠᠩᠬᠢ ᠶᠢᠨ ᠬᠠᠮᠲᠤᠷᠠᠯᠴᠠᠭᠠᠨ︾᠎ ᠤ ᠵᠥᠪᠯᠡᠯᠴᠡᠬᠡᠷ ᠲᠣᠭᠲᠠᠭᠰᠠᠨ ᠪᠠᠶᠢᠨ᠎ᠠ᠃ ᠣᠶᠢᠷ᠎ᠠ ᠶᠢᠨ ᠡᠳᠦᠷ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ ᠶᠢᠨ ᠡᠵᠡᠩᠨᠡᠯᠲᠡ ᠶᠢᠨ ᠬᠡᠯᠲᠡᠰ ᠤᠨ ᠡᠵᠡᠩᠨᠡᠯᠲᠡ ᠶᠢᠨ ᠦᠨᠡᠮᠯᠡᠯ ᠢᠶᠠᠨ ᠥᠪᠡᠷᠲᠡᠭᠡᠨ ᠭᠦᠢᠴᠡᠳᠬᠡᠬᠦ ᠰᠢᠰᠲ᠋ᠧᠮ ᠠᠰᠢᠭᠯᠠᠯᠲᠠ ᠳᠤ ᠤᠷᠤᠵᠤ᠂ ᠡᠵᠡᠩᠨᠡᠯᠲᠡ ᠶᠢᠨ ᠦᠨᠡᠮᠯᠡᠯ ᠢᠶᠠᠨ ᠥᠪᠡᠷᠲᠡᠭᠡᠨ ᠳᠠᠷᠤᠮᠠᠯᠯᠠᠵᠤ ᠠᠪᠬᠤ ᠪᠣᠯᠣᠮᠵᠢ ᠲᠠᠢ ᠪᠣᠯᠭᠠᠪᠠ᠃      ᠡᠵᠡᠩᠨᠡᠯᠲᠡ ᠶᠢᠨ ᠦᠨᠡᠮᠯᠡᠯ ᠢᠶᠠᠨ ᠥᠪᠡᠷᠲᠡᠭᠡᠨ ᠭᠦᠢᠴᠡᠳᠬᠡᠬᠦ ᠰᠢᠰᠲ᠋ᠧᠮ ᠠᠰᠢᠭᠯᠠᠯᠲᠠ ᠳᠤ ᠣᠷᠤᠭᠰᠠᠨ ᠡᠳᠦᠷ᠂ ᠡᠵᠡᠨ ᠬᠤᠷᠤᠭ᠎ᠠ ᠬᠤᠰᠢᠭᠤᠨ ᠤ ᠠᠵᠤ ᠠᠬᠤᠶᠢᠯᠠᠯᠳᠠᠨ ᠯᠢ ᠠᠪᠠᠭ᠋ᠠᠢ ᠠᠵᠢᠯᠲᠠᠳ ᠤᠨ ᠵᠢᠯᠣᠭᠤᠳᠤᠯᠭ᠎ᠠ ᠳᠣᠣᠷ᠎ᠠ 1 ᠮᠢᠨᠦ᠋ᠲ ᠴᠦ ᠪᠣᠯᠤᠯ ᠦᠭᠡᠢ ᠠᠩᠬᠠᠳᠠᠭᠴᠢ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠪᠠᠩᠬᠢ ᠠᠴᠠ ᠣᠷᠤᠯᠠᠨ ᠬᠦᠢᠴᠡᠳᠭᠡᠭᠰᠡᠨ ᠡᠵᠡᠩᠨᠡᠯᠲᠡ ᠶᠢᠨ ᠦᠨᠡᠮᠯᠡᠯ ᠢ ᠭᠠᠷᠳᠠᠭᠰᠠᠨ ᠪᠠᠶᠢᠨ᠎ᠠ᠃      ᠬᠤᠶᠢᠰᠢᠳᠠ᠂ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠎ ᠨᠤᠭᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠵᠦᠪᠰᠢᠶᠡᠷᠡᠬᠦᠯᠤᠭᠡᠳ ᠪᠠᠳᠤᠯᠠᠭᠰᠠᠨ ᠤ ᠳᠠᠷᠠᠭ᠎ᠠ᠂ ᠭᠤᠶᠤᠴᠢᠯᠠᠭᠴᠢ ᠠᠴᠠ ᠪᠡᠶ᠎ᠡ ᠶᠢᠨ ᠦᠨᠡᠮᠯᠡᠯ ᠢᠶᠠᠨ ᠠᠪᠴᠤ᠂ ᠠᠦ᠋ᠲ᠋ᠣ᠋ ᠦᠨᠡᠮᠯᠡᠯ ᠳᠠᠷᠤᠮᠠᠯᠯᠠᠬᠤ ᠮᠠᠰᠢᠨ ᠲᠣᠬᠢᠷᠠᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠩᠭᠢ ᠳᠤ ᠬᠦᠷᠴᠤ᠂ ᠡᠵᠡᠩᠨᠡᠯᠳᠡ ᠶᠢᠨ ᠦᠨᠡᠮᠯᠡᠯ ᠢᠶᠠᠨ ᠳᠠᠷᠤᠮᠠᠯᠯᠠᠵᠤ ᠪᠣᠯᠤᠨ᠎ᠠ᠃      ᠲᠣᠰ ᠰᠢᠰᠲ᠋ᠧᠮ ᠭᠠᠷᠤᠭᠰᠠᠨ ᠨᠢ᠂ ᠬᠤᠳᠠᠯᠳᠤᠭᠠᠨ ᠤ ᠶᠠᠪᠤᠳᠠᠯ ᠤᠨ ᠴᠤᠩᠬᠤᠪᠴᠢ ᠶᠢ ᠪᠦᠲᠦᠭᠡᠨ ᠪᠠᠶᠢᠭᠤᠯᠤᠯᠲᠠ ᠶᠢᠨ ᠪᠠᠩᠭᠢ ᠶᠢᠨ ᠰᠦᠯᠵᠢᠶᠠᠨ ᠦᠢᠯᠡᠴᠢᠯᠡᠭᠡᠨ ᠤ ᠴᠤᠩᠬᠤᠪᠴᠢ ᠬᠦᠷᠲᠡᠯ᠎ᠡ ᠤᠷᠳᠤᠳᠬᠠᠵᠤ᠂ ᠬᠤᠲᠠ ᠶᠢᠨ ᠠᠷᠠᠳ ᠨᠢᠭᠡ ᠯᠠ ᠤᠳᠠᠭ᠎ᠠ ᠳᠤ ᠬᠤᠳᠠᠯᠳᠤᠭᠠᠨ ᠤ ᠶᠠᠪᠤᠳᠠᠯ ᠢᠶᠠᠨ ᠲᠠᠩᠰᠠᠯᠠᠨ ᠲᠡᠮᠳᠡᠭᠯᠡᠬᠦ ᠪᠠ ᠪᠠᠩᠭᠢ ᠶᠢᠨ ᠳᠠᠩᠰᠠ ᠪᠠᠶᠢᠭᠤᠯᠬᠤ ᠭᠠᠷᠳᠠᠮ ᠢ ᠬᠦᠢᠴᠡᠳᠭᠡᠵᠤ᠂ ᠵᠠᠬ᠎ᠠ ᠲᠡᠯᠭᠡᠬᠦᠷ ᠤᠨ ᠭᠤᠣᠯ ᠴᠣᠭᠴᠠ ᠶᠢᠨ ᠠᠵᠢᠯ ᠡᠬᠢᠯᠡᠬᠦ ᠳᠤ ᠨᠢᠭᠡ ᠥᠷᠲᠡᠭᠡ ᠮᠠᠶ᠋ᠢᠭ ᠤᠨ ᠪᠥᠬᠦᠯᠢ ᠴᠤᠭᠴᠠ ᠶᠢᠨ ᠦᠢᠯᠡᠴᠢᠯᠡᠭᠡ ᠬᠠᠩᠭᠠᠵᠤ᠂ ᠠᠷᠠᠳ ᠲᠤ ᠶᠡᠬᠡᠬᠡᠨ ᠳᠥᠭᠦᠮ ᠦᠵᠡᠭᠦᠯᠦᠭᠰᠡᠨ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号