ᠡᠭᠦᠯᠡᠨ ᠲᠠᠪᠴᠠᠩ ᠳᠡᠭᠡᠷ᠎ᠡ ᠬᠢᠴᠢᠶᠡᠯ ᠣᠷᠣᠵᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/12/13
     11 ᠰᠠᠷ᠎ᠠ ᠶᠢᠨ 19᠎ ᠤ ᠡᠳᠦᠷ᠂ ᠮᠠᠨ ᠤ ᠬᠤᠰᠢᠭᠤᠨ ᠤ 600 ᠭᠠᠷᠤᠶ ᠰᠠᠯᠠᠭᠠᠨ ᠲᠠᠰ ᠤᠨ ᠺᠠᠳ᠋ᠷ ︽ᠡᠵᠡᠨ ᠬᠤᠷᠤᠭ᠎ᠠ ᠶᠢᠨ ᠡᠭᠦᠯᠡᠨ ᠬᠢᠴᠢᠶᠡᠯ ᠤᠨ ᠲᠠᠩᠬᠢᠮ︾᠎ ᠢᠶᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠲᠥᠪ ᠤᠨ ᠨᠠᠮ ᠤᠨ ᠰᠤᠷᠭᠠᠭᠤᠯᠢ ᠶᠢᠨ ᠤᠯᠤᠰ ᠤᠨ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠳᠤᠯᠭᠠᠨ ᠤ ᠲᠥᠪ ᠤᠨ ᠣᠨᠴᠠ ᠤᠷᠢᠭᠰᠠᠨ ᠰᠤᠳᠤᠯᠤᠭᠴᠢ ᠸᠠᠩ ᠬᠠᠶ ᠪᠢᠨ ᠤ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ︾᠎ ᠶᠢᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠶᠢ ᠦᠵᠡᠵᠦ ᠰᠤᠷᠤᠯᠴᠠᠪᠠ᠃      ᠸᠠᠩ ᠬᠠᠶ ᠪᠢᠨ ᠫᠷᠤᠹᠧᠰᠰᠤᠷ ᠵᠢᠷᠭᠤᠳᠤᠭᠠᠷ ᠪᠥᠬᠦᠳᠡ ᠬᠤᠷᠠᠯ ᠵᠢᠴᠢ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾᠎ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ᠂ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠡᠦᠬᠡᠲᠦ ᠴᠢᠨᠠᠷᠲᠠᠶ ᠬᠤᠪᠢᠰᠤᠯᠲᠠ ᠪᠠ ᠲᠡᠦᠬᠡ ᠶᠢᠨ ᠠᠮᠵᠢᠯᠲᠠ ᠪᠦᠲᠦᠮᠵᠢ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠬᠦ ᠶᠢᠨ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠤᠷᠤᠯᠴᠠᠨ ᠲᠤᠭᠤᠰᠢᠯᠠᠭᠤᠯᠵᠤ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠰᠠᠨᠠᠭᠤᠯᠭ᠎ᠠ ᠳᠤᠷᠠᠳᠴᠠᠶ᠃      ᠰᠤᠷᠤᠯᠴᠠᠯᠭ᠎ᠠ ᠪᠠᠷ ᠳᠡᠮᠵᠢᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠭᠡᠷᠡᠭᠯᠡᠬᠦ ᠶᠢ ᠦᠨᠡᠨ ᠬᠦ ᠰᠠᠶᠢᠲᠤᠷ ᠠᠳᠬᠤᠵᠤ ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠬᠠᠮᠰᠠᠷ ᠠᠴᠠ ᠪᠠᠨ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠬᠠᠷᠠᠯᠲᠠ ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾᠎ ᠲᠠᠢ ᠤᠶᠠᠯᠳᠤᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ  ᠪᠤᠳᠠᠳᠠᠢ ᠎ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠂ ︽ᠲᠠᠪᠤ ᠶᠢ ᠤᠷᠢᠳ ᠢᠶᠠᠷ ᠬᠢᠬᠦ︾ ᠬᠠᠷᠠᠯᠲᠠ ᠶᠢ ᠪᠡᠶᠡᠯᠡᠭᠦᠯᠬᠦ᠂ ᠣᠳᠣᠬᠢᠴᠢᠯᠠᠭᠰᠠᠨ ᠡᠵᠡᠨ ᠬᠤᠷᠤᠭ᠎ᠠ ᠶᠢ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号