| ᠵᠠᠰᠠᠭ ᠪᠠᠯᠭᠠᠰᠤ ᠪᠣᠳᠠᠳᠤ ᠪᠠᠶᠢᠳᠠᠯ ᠲᠠᠢ ᠪᠠᠨ ᠤᠶᠠᠯᠳᠤᠭᠤᠯᠤᠨ ︽ᠪᠢ ᠣᠯᠠᠨ ᠲᠦᠮᠡᠨ ᠳᠤ ᠪᠣᠳᠠᠲᠤ | ᠶᠠᠪᠤᠳᠠᠯ ᠬᠢᠵᠦ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠵᠦ᠂ ᠨᠠᠮ ᠤᠨ ᠲᠡᠦᠬᠡ ᠶᠢᠨ ᠰᠣᠷᠤᠯᠴᠠᠯᠭ᠎ᠠ | ᠬᠦᠮᠤᠵᠢᠯ ᠤᠨ ᠦᠷ᠎ᠡ ᠪᠦᠳᠤᠮᠵᠢ ᠶᠢ ᠠᠷᠠᠳ ᠲᠤ ᠦᠢᠯᠡᠴᠢᠯᠡᠬᠦ ᠪᠣᠳᠠᠳᠤ ᠠᠵᠢᠯᠯᠠᠭ᠎ᠠ ᠪᠤᠯᠭᠠᠨ ᠬᠤᠪᠢᠷᠠᠭᠤᠯᠵᠤ᠂ | ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠲᠤᠯᠭᠠᠮ ᠠᠷᠠᠳ ᠤᠨ ᠠᠮᠢᠳᠤᠷᠠᠯ ᠤᠨ ᠠᠰᠠᠭᠤᠳᠠᠯ ᠢ | ᠰᠢᠢᠳᠪᠦᠷᠢᠯᠡᠵᠦ᠂ ᠤᠳᠤᠬᠠᠨ ᠪᠤᠯᠳᠠᠯ᠎ᠠ ᠡᠯ᠎ᠡ ᠲᠦᠷᠦᠯ ᠤᠨ ᠠᠷᠠᠳ ᠤᠨ ᠪᠣᠳᠠᠳᠤ ᠶᠠᠪᠤᠳᠠᠯ 404 ᠶᠢ | ᠰᠢᠢᠳᠪᠦᠷᠢᠯᠡᠵᠦ᠂ ᠰᠢᠢᠳᠪᠤᠷᠢᠯᠡᠭᠰᠡᠨ ᠨᠣᠷᠮ᠎ᠠ ᠨᠢ 83 % ᠳᠤ ᠬᠦᠷᠦᠭᠰᠡᠨ ᠪᠠᠶᠢᠨ᠎ᠠ᠃ | ᠲᠣᠰ ᠪᠠᠯᠭᠠᠰᠤᠨ ᠤ ᠬᠠᠮᠤᠭ ᠤᠨ ᠶᠡᠭᠡ ᠬᠤᠳᠠᠯᠳᠤᠭᠠᠨ ᠤ ᠶᠡᠷᠦᠩᠬᠡᠢ ᠴᠣᠭᠴᠠ ᠪᠣᠯᠤᠭᠰᠠᠨ ᠲᠦᠷᠤᠯ ᠵᠤᠶᠢᠯ | ᠨᠢ ᠪᠦᠳᠦᠭᠡᠨ ᠪᠠᠶᠢᠭᠤᠯᠤᠯᠳᠠ ᠶᠢᠨ ᠡᠬᠢᠨ ᠤ ᠦᠶ᠎ᠡ ᠳᠤ 300 ᠭᠠᠷᠤᠢ ᠦᠮᠴᠢᠳᠡᠨ ᠭᠡᠷ ᠪᠠᠶᠢᠰᠢᠩ ᠠᠪᠬᠤ ᠪᠠᠷ | ᠪᠡᠯᠡ ᠤᠷᠤᠭᠤᠯᠤᠨ᠂ 2012 ᠣᠨ ᠤ ᠭᠠᠳᠠᠭᠠᠳᠤ ᠣᠷᠴᠢᠨ ᠤ ᠨᠦᠯᠦᠭᠡ ᠠᠴᠠ ᠪᠤᠯᠵᠤ ᠪᠦᠳᠦᠭᠡᠨ | ᠪᠠᠶᠢᠭᠤᠯᠤᠯᠳᠠ ᠪᠠᠨ ᠵᠤᠭᠰᠤᠭᠠᠨ᠂ 9 ᠵᠢᠯ ᠠᠵᠢᠯ ᠢᠶᠠᠨ ᠡᠬᠢᠯᠡᠬᠦᠯᠵᠦ ᠴᠢᠳᠠᠭᠰᠠᠨ ᠦᠭᠡᠢ᠃ ᠡᠨᠡ ᠵᠢᠯ ᠵᠠᠰᠠᠭ | ᠪᠠᠯᠭᠠᠰᠤᠨ ᠤ ᠨᠠᠮ ᠤᠨ ᠬᠤᠷᠢᠶ᠎ᠡ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ ᠦᠮᠴᠢᠳᠡᠨ ᠤ ᠲᠦᠯᠥᠭᠡᠯᠡᠭᠴᠢ ᠪᠠ | ᠬᠠᠮᠢᠶ᠎ᠠ ᠪᠦᠬᠦᠢ ᠰᠠᠯᠠᠭ᠎ᠠ ᠮᠦᠴᠢᠷ ᠢ ᠣᠯᠠᠨᠲᠠ ᠵᠣᠬᠢᠶᠠᠨ ᠪᠠᠶᠢᠭᠤᠯᠤᠨ ᠵᠦᠪᠳᠡᠯᠴᠡᠵᠦ᠂ ᠡᠴᠤᠰ ᠲᠤᠨᠢ ᠪᠡᠯᠡ | ᠮᠦᠩᠭᠦ ᠪᠠ ᠬᠢᠷᠢ ᠬᠡᠮ ᠤᠨ ᠠᠰᠠᠭᠤᠳᠠᠯ ᠢ ᠰᠢᠢᠳᠪᠤᠷᠢᠯᠡᠨ ᠠᠵᠢᠯ ᠢ ᠠᠮᠵᠢᠯᠳᠠ ᠲᠠᠢ ᠰᠡᠷᠬᠦᠭᠡᠭᠰᠡᠨ ᠪᠠᠶᠢᠨ᠎ᠠ᠃ | ᠰᠢᠨ᠎ᠡ ᠭᠠᠵᠠᠷ ᠤᠨ ᠲᠡᠮᠲᠡᠭ ᠭᠡᠷ ᠪᠠᠶᠢᠰᠢᠩ ᠤᠨ ᠲᠦᠷᠤᠯ ᠵᠤᠶᠢᠯ ᠤᠨ ᠦᠮᠴᠢᠳᠡᠨ ᠤ ᠲᠥᠯᠥᠭᠡᠯᠡᠭᠴᠢ ᠵᠠᠩ | ᠯᠠᠢ ᠷᠦᠩ ᠠᠴᠠ ᠣᠶᠢᠯᠭᠠᠭᠰᠠᠨ ᠢᠶᠠᠷ᠄ ︽ᠡᠨᠡ ᠵᠢᠯ ᠤᠨ6 ᠰᠠᠷ᠎ᠠ ᠶᠢᠨ11 ᠤ ᠡᠳᠦᠷ ᠪᠣᠯᠳᠠᠯ᠎ᠠ᠂ ᠡᠯ᠎ᠡ ᠵᠤᠶᠢᠯ ᠤᠨ | ᠠᠰᠠᠭᠤᠳᠠᠯ ᠢ ᠦᠨᠳᠦᠰᠦᠨ ᠳᠡᠭᠡᠨ ᠵᠤᠬᠢᠰᠳᠠᠢ ᠰᠢᠢᠳᠪᠤᠷᠢᠯᠡᠵᠦ᠂ ᠰᠢᠨ ᠸᠠᠩ ᠭᠡᠷ ᠪᠠᠶᠢᠰᠢᠩ ᠭᠠᠵᠠᠷ ᠬᠦᠷᠦᠩᠭᠡ ᠶᠢᠨ | ᠦᠢᠯᠡᠰ ᠨᠢ ᠰᠢᠨ᠎ᠡ ᠭᠠᠵᠠᠷ ᠤᠨ ᠲᠡᠮᠲᠡᠭ ᠲᠦᠷᠤᠯ ᠵᠤᠶᠢᠯ ᠤᠨ ᠲᠤᠬᠠᠢ ᠶᠢᠨ ᠲᠠᠯᠠᠪᠠᠢ ᠳᠤ ᠨᠤᠳᠤᠭᠰᠢᠵᠤ᠂ | ᠣᠯᠠᠨ ᠢᠶᠠᠷ ᠢᠶᠠᠨ ᠡᠨᠡ ᠬᠦ ᠭᠡᠷ ᠪᠠᠶᠢᠰᠢᠩ ᠳᠤ ᠳᠠᠬᠢᠨᠲᠠ ᠢᠳᠡᠭᠡᠯ ᠲᠠᠢ ᠪᠣᠯᠤᠭᠰᠠᠨ ᠪᠠᠶᠢᠨ᠎ᠠ︾ ᠭᠡᠪᠠ᠃ | ᠵᠠᠰᠠᠭ ᠪᠠᠯᠭᠠᠰᠤᠨ ᠤ ᠠᠷᠠᠳ ᠤᠨ ᠴᠡᠴᠡᠷᠯᠢᠭ ᠲᠤ ᠤᠷᠳᠤ ᠪᠠᠷ ᠢᠶᠠᠨ1001 ᠮᠧᠲᠷ ᠶᠠᠪᠠᠭᠠᠨ ᠵᠠᠮ ᠤᠨ | ᠪᠦᠳᠤᠭᠡᠨ ᠪᠠᠶᠢᠭᠤᠯᠤᠯᠳᠠ ᠶᠠᠭ ᠪᠠᠷᠢᠯᠭ᠎ᠠ ᠪᠠᠨ ᠶᠠᠪᠤᠭᠳᠠᠭᠤᠯᠵᠤ᠂ ᠡᠨᠡ ᠨᠢ ᠵᠠᠰᠠᠭ ᠪᠠᠯᠭᠠᠰᠤᠨ ᠤ ᠠᠷᠠᠳ ᠤᠨ | ᠪᠣᠳᠠᠳᠤ ᠶᠠᠪᠤᠳᠠᠯ ᠤᠨ ᠲᠦᠷᠦᠯ ᠵᠦᠢᠯ ᠤᠨ ᠨᠢᠭᠡ ᠨᠢ ᠪᠠᠶᠢᠵᠤ᠂ ᠶᠠᠪᠠᠭᠠᠨ ᠵᠠᠮ ᠪᠦᠳᠤᠭᠡᠨ ᠪᠠᠶᠢᠭᠤᠯᠤᠯᠳᠠ ᠪᠠᠨ | ᠲᠠᠭᠤᠰᠬᠠᠭᠰᠠᠨ ᠤ ᠳᠠᠷᠠᠭᠠᠡᠷᠭᠢᠨ ᠲᠤᠭᠤᠷᠢᠨ ᠤ ᠰᠠᠭᠤᠭᠠᠯᠢ ᠠᠷᠠᠳ ᠪᠡᠶ᠎ᠡ ᠪᠠᠨ ᠪᠣᠯᠪᠠᠰᠤᠷᠠᠭᠤᠯᠬᠤ ᠳᠤ ᠶᠡᠭᠡ | ᠳᠦᠭᠦᠮ ᠪᠤᠯᠵᠤ᠂ ᠰᠢᠨ᠎ᠡ ᠪᠠᠷ ᠪᠦᠳᠤᠭᠡᠨ ᠪᠠᠶᠢᠭᠤᠯᠤᠭᠰᠠᠨ 7 ᠬᠡᠰᠡᠭ ᠨᠣᠭᠤᠭᠠᠷᠠᠭᠤᠯᠤᠯᠲᠠ ᠶᠢᠨ ᠦᠵᠡᠮᠵᠢ ᠶᠢᠨ | ᠪᠦᠰᠡ ᠶᠢᠨ ᠡᠳᠦᠷ ᠪᠤᠯᠠᠭᠠᠨ ᠤ ᠠᠷᠠᠴᠢᠯᠠᠯᠳᠠ ᠶᠢᠨ ᠠᠵᠢᠯ ᠢ ᠴᠤ ᠡᠷᠴᠢᠮ ᠲᠠᠢ ᠶᠠᠪᠤᠭᠳᠠᠭᠤᠯᠵᠤ ᠪᠠᠶᠢᠨ᠎ᠠ᠃ ᠡᠨᠡ | ᠬᠦ ᠪᠦᠬᠦ ᠪᠠᠯᠭᠠᠰᠤᠨ ᠤ ᠦᠵᠡᠮᠵᠢ ᠶᠢᠨ ᠪᠦᠰᠡ ᠨᠢ ᠣᠷᠴᠢᠨ ᠲᠣᠭᠤᠷᠢᠨ ᠢ ᠭᠤᠶᠤᠵᠢᠭᠤᠯᠤᠭᠰᠠᠨ ᠢᠶᠠᠷ ᠪᠠᠷᠠᠬᠤ | ᠦᠭᠡᠢ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠶᠡᠭᠡ ᠭᠡᠮᠵᠢᠶ᠎ᠡ ᠪᠠᠷ ᠲᠡᠭᠡᠭᠰᠢᠯᠡᠬᠦᠯᠪᠡ᠃ | ᠵᠠᠰᠠᠭ ᠪᠠᠯᠭᠠᠰᠤᠨ ᠤ ᠨᠠᠮ ᠤᠨ ᠡᠭᠦᠷ ᠤᠨ ᠱᠦᠵᠢ ᠸᠠᠩ ᠬᠠᠢ ᠹᠧᠩ ᠰᠤᠷᠪᠤᠯᠵᠢᠯᠠᠭᠴᠢ ᠳᠤ᠄ ︽ | ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠣ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨᠠᠷᠭ᠎ᠠ | ᠠᠪᠴᠠᠯ ᠢᠶᠠᠨ ᠰᠢᠯᠢᠳᠡᠭᠵᠢᠬᠦᠯᠦᠨ᠂ ᠴᠢᠨᠠᠷ ᠰᠠᠶᠢᠳᠠᠢ ︿ᠪᠢ ᠠᠷᠠᠳ ᠲᠦᠮᠡᠨ ᠳᠤ ᠪᠣᠳᠠᠳᠤ ᠶᠠᠪᠤᠳᠠᠯ ᠬᠢᠭᠦ﹀ | ᠦᠢᠯᠡᠳᠦᠯᠭᠡ ᠶᠢᠨ ᠠᠵᠢᠯ ᠢ ᠬᠦᠨᠵᠡᠭᠡᠢ ᠲᠦᠯᠬᠢᠨ ᠠᠬᠢᠭᠤᠯᠵᠤ᠂ ᠪᠤᠳᠠᠲᠠᠢ ᠠᠵᠢᠯᠯᠠᠭ᠎ᠠ ᠪᠠᠷ ᠨᠠᠮ ᠪᠠ ᠠᠷᠠᠳ | ᠲᠦᠮᠠᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠶᠠᠯᠡᠭᠦᠯᠦᠨ᠎ᠡ︾ ᠭᠡᠰᠡᠨ ᠪᠠᠶᠢᠨ᠎ᠠ᠃ | | | | |