ᠤᠨᠤᠰᠢᠯᠠᠭᠳᠠᠭᠰᠠᠨ ᠡᠪᠡᠳᠴᠢᠲᠡᠨ ᠶᠢᠨ ᠣᠪᠤᠭᠲᠤ ᠲᠠᠢ ᠨᠢᠭᠳᠠ ᠣᠶᠢᠷᠠᠲᠤᠭᠰᠠᠨ163 ᠬᠥᠮᠦᠨ ᠲᠣᠰᠠᠭᠠᠷᠯᠠᠯᠲᠠ ᠠᠴᠠ ᠭᠠᠷᠪᠠ
ᠨᠡᠶᠢᠲᠡᠯᠡᠭᠰᠡᠨ ᠴᠠᠭ᠄
2021/12/13
     ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠣᠶᠢᠯᠠᠭᠠᠭᠰᠠᠨ ᠢᠶᠠᠷ᠂ ᠤᠨᠤᠰᠢᠯᠠᠭᠳᠠᠭᠰᠠᠨ ᠡᠪᠡᠳᠴᠢᠲᠡᠨ ᠶᠢᠨ ᠣᠪᠤᠭᠲᠤ ᠲᠠᠢ ᠨᠢᠭᠲᠠ ᠣᠶᠢᠷᠠᠲᠤᠭᠰᠠᠨ 35 ᠬᠥᠮᠦᠨ᠂ ᠨᠢᠭᠲᠠ ᠣᠶᠢᠷᠠᠲᠤᠭᠰᠠᠳ ᠲᠠᠢ ᠨᠢᠭᠲᠠ ᠣᠶᠢᠷᠠᠲᠤᠭᠰᠠᠨ 128 ᠬᠥᠮᠦᠨ ᠢ 14 ᠡᠳᠦᠷ ᠲᠥᠪᠯᠡᠷᠡᠭᠦᠯᠦᠨ ᠲᠤᠰᠠᠭᠠᠷᠯᠠᠵᠤ᠂ 11 ᠰᠠᠷ᠎ᠠ ᠶᠢᠨ 8᠎ ᠤ ᠡᠳᠦᠷ ᠲᠥᠪᠯᠡᠷᠡᠭᠦᠯᠦᠭᠰᠡᠨ ᠲᠣᠰᠠᠭᠠᠷᠯᠠᠯᠲᠠ ᠠᠴᠠ ᠭᠠᠷᠭᠠᠭᠰᠠᠨ ᠪᠠᠶᠢᠨ᠎ᠠ᠃      ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠢᠭᠲᠠ ᠣᠶᠢᠷᠠᠲᠤᠭᠰᠠᠳ ᠪᠠ ᠨᠢᠭᠲᠠ ᠣᠶᠢᠷᠠᠲᠤᠭᠰᠠᠳ ᠲᠠᠢ ᠨᠢᠭᠲᠠ ᠣᠶᠢᠷᠠᠲᠤᠭᠰᠠᠳ ᠤᠨ ᠪᠠᠶᠢᠳᠠᠯ ᠢ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠵᠠᠬᠢᠳᠠᠯ ᠢᠶᠠᠷ ᠮᠡᠳᠡᠭᠳᠡᠵᠦ᠂ ᠲᠥᠪᠯᠡᠷᠡᠭᠦᠯᠦᠨ ᠲᠤᠰᠠᠭᠠᠷᠯᠠᠯᠲᠠ ᠠᠴᠠ ᠭᠠᠷᠤᠭᠰᠠᠨ ᠤ ᠳᠠᠷᠠᠭ᠎ᠠ ᠦᠷᠭᠦᠯᠵᠢᠯᠡᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠬᠦ ᠶᠢ ᠱᠠᠭᠠᠷᠳᠠᠭᠰᠠᠨ ᠪᠠᠶᠢᠨ᠎ᠠ᠃     ᠮᠠᠨ ᠤ ᠬᠤᠰᠢᠭᠤ ᠪᠠᠰᠠ ᠡᠪᠡᠳᠴᠢᠨ ᠤ ᠵᠢᠱᠢᠶ᠎ᠡ ᠲᠠᠢ ᠨᠢᠭᠳᠠ ᠣᠶᠢᠷᠠᠲᠤᠭᠰᠠᠨ ᠪᠠᠶᠠᠨᠨᠠᠭᠤᠷ ᠬᠤᠲᠠ ᠳᠤ ᠰᠠᠭᠤᠭ᠎ᠠ 16 ᠬᠦᠮᠦᠨ ᠢ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠬᠠᠮᠵᠢᠯᠴᠠᠵᠤ ᠪᠠᠶᠢᠭᠠᠳ ᠬᠠᠩᠭᠢᠨ ᠬᠤᠰᠢᠭᠤᠨ ᠤ ᠳᠤᠭᠤᠶᠢᠳᠠᠯ᠎ᠠ ᠣᠷᠴᠢᠮ ᠰᠢᠯᠵᠢᠭᠦᠯᠦᠨ ᠵᠥᠭᠡᠭᠡᠪᠦᠷᠢᠯᠡᠵᠦ᠂ ᠨᠢᠭᠲᠠ ᠣᠶᠢᠷᠠᠲᠤᠭᠰᠠᠳ ᠤᠨ ᠰᠠᠭᠤᠭ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠲᠤᠰᠢᠶᠠᠭᠰᠠᠨ ᠪᠠᠶᠢᠨ᠎ᠠ᠃ ᠰᠠᠭᠤᠭ᠎ᠠ ᠭᠠᠵᠠᠷ ᠨᠢ ᠬᠠᠷᠠᠮᠦ᠋ᠷᠡᠨ ᠮᠣᠵᠢ ᠳᠤ ᠪᠠᠶᠢᠬᠤ 3 ᠨᠢᠭᠲᠠ ᠣᠶᠢᠷᠠᠲᠤᠭᠰᠠᠳ ᠢ ᠪᠤᠤ ᠹᠦ᠋ ᠵᠠᠮ ᠤᠨ ᠵᠠᠮ ᠬᠠᠷᠢᠯᠴᠠᠭᠠᠨ ᠤ ᠶᠡᠭᠡ ᠠᠩᠭᠢ ᠶᠢᠨ ᠴᠠᠭᠳᠠᠭ᠎ᠠ ᠷᠦᠩ ᠴᠧᠩ ᠠᠴᠠ ᠦᠬᠠᠢ ᠬᠦᠷᠬᠦ ᠲᠦᠷᠭᠡᠨ ᠤ ᠵᠠᠮ ᠳᠤ ᠭᠠᠷᠬᠤ ᠭᠠᠵᠠᠷ ᠬᠦᠷᠭᠡᠵᠦ᠂ ᠰᠠᠭᠤᠭ᠎ᠠ ᠭᠠᠵᠠᠷ ᠨᠢ ᠨᠠᠷᠢᠨᠲᠤᠬᠤᠢ ᠪᠠᠯᠭᠠᠰᠤᠨ ᠳᠤ ᠪᠠᠶᠢᠭ᠎ᠠ 16 ᠨᠢᠭᠲᠠ ᠣᠶᠢᠷᠠᠲᠤᠭᠰᠠᠳ ᠢ ᠨᠠᠷᠢᠨᠲᠤᠬᠠᠢ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠲᠤᠰᠬᠠᠢ ᠬᠥᠮᠦᠨ᠂ ᠲᠤᠰᠬᠠᠢ ᠲᠡᠷᠭᠡ ᠲᠣᠮᠢᠯᠠᠵᠤ᠂ ᠲᠥᠪᠯᠡᠷᠡᠭᠦᠯᠦᠨ ᠲᠤᠰᠠᠭᠠᠷᠯᠠᠬᠤ ᠴᠢᠭ ᠠᠴᠠ ᠭᠡᠷ ᠲᠤ ᠨᠢ ᠬᠦᠷᠭᠡᠵᠦ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠪᠠᠷ ᠪᠠᠶᠢᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠶᠣᠰᠣᠭᠠᠷ᠂ ᠲᠥᠪᠯᠡᠷᠡᠭᠦᠯᠦᠭᠰᠡᠨ ᠲᠤᠰᠠᠭᠠᠷᠯᠠᠯᠲᠠ ᠠᠴᠠ ᠭᠠᠷᠴᠤ᠂ ᠭᠡᠷ ᠲᠤ ᠪᠠᠨ ᠬᠠᠷᠢᠵᠤ ᠪᠣᠯᠬᠤ ᠪᠣᠯᠪᠠᠴᠤ᠂ ᠬᠠᠷᠢᠭᠰᠠᠨ ᠤ ᠳᠠᠷᠠᠭ᠎ᠠ ᠪᠠᠰᠠ ᠨᠡᠶᠢᠭᠡᠮ ᠲᠣᠭᠤᠷᠢᠭ ᠤᠨ ᠬᠢᠨᠠᠯᠲᠠ ᠳᠣᠣᠷ᠎ᠠ ᠬᠡᠰᠡᠭ ᠬᠤᠭᠤᠴᠠᠭ᠎ᠠ ᠭᠡᠷ ᠲᠤ ᠪᠠᠨ ᠲᠤᠰᠠᠭᠠᠷᠯᠠᠬᠤ ᠶᠢ ᠪᠡᠶᠡᠯᠡᠬᠦᠯᠬᠦ ᠪᠠᠷ ᠪᠣᠢ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号