ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠨᠢ ᠪᠦᠬᠦ ᠠᠷᠠᠳ ᠤᠨ ᠡᠷᠡᠭᠦᠯ ᠮᠡᠨᠳᠦ ᠶᠢᠨ ᠲᠠᠯ᠎ᠠ ᠶᠢᠨ ᠵᠣᠪᠠᠨᠢᠯ ᠢ ᠪᠠᠭᠠᠰᠬᠠᠵᠤ ᠪᠠᠶᠢᠨ᠎ᠠ
ᠨᠡᠶᠢᠲᠡᠯᠡᠭᠰᠡᠨ ᠴᠠᠭ᠄
2021/12/13
     ᠮᠠᠨ ᠤ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠡᠰᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠨᠢ ︽ᠠᠷᠠᠳ ᠲᠦᠮᠡᠨ ᠤ ᠡᠷᠡᠭᠦᠯ ᠴᠢᠭᠢᠷᠠᠭ ᠢᠶᠠᠷ ᠭᠤᠣᠯ ᠪᠣᠯᠭᠠᠬᠤ︾ ᠠᠵᠢᠯ ᠤᠨ ᠭᠤᠣᠯ ᠱᠤᠭᠤᠮ ᠢ ᠪᠠᠷᠢᠮᠲᠠᠯᠠᠵᠤ᠂ ︽ᠡᠷᠡᠭᠦᠯ ᠡᠩᠬᠡ ᠡᠵᠡᠨ ᠬᠤᠷᠤᠭ᠎ᠠ︾᠎ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠦᠳᠲᠡᠷ ᠲᠦᠷᠭᠡᠨ ᠬᠥᠭᠵᠢᠭᠦᠯᠦᠨ ᠂ ᠪᠦᠬᠦ ᠬᠤᠰᠢᠭᠤᠨ ᠤ ᠠᠷᠠᠳ ᠲᠦᠮᠡᠨ ᠳᠤ ᠡᠷᠡᠭᠦᠯ ᠮᠡᠨᠳᠦ ᠶᠢᠨ ᠲᠠᠯ᠎ᠠ ᠶᠢᠨ ᠪᠠᠳᠤᠯᠠᠭ᠎ᠠ ᠶᠢ ᠬᠠᠩᠭᠠᠪᠠ᠃      ᠤᠶᠢᠷ᠎ᠠ ᠳᠤ᠂ ᠠᠯᠲᠠᠨᠰᠢᠷᠡᠭᠡ ᠪᠠᠯᠭᠠᠰᠤᠨ ᠤ ᠴᠡᠴᠡᠷᠯᠢᠭ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢᠨ ᠡᠮᠦᠨ᠎ᠡ᠂ ᠬᠤᠲᠠ ᠶᠢᠨ ᠠᠷᠠᠳ ᠤᠳ ᠵᠢᠯ ᠪᠦᠷᠢ ᠨᠢᠭᠡ ᠤᠳᠠᠭ᠎ᠠ ᠶᠠᠪᠤᠭᠳᠠᠳᠠᠭ ᠪᠦᠬᠦ ᠬᠤᠰᠢᠭᠤᠨ ᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠳᠤ ᠤᠷᠤᠯᠴᠠᠬᠤ ᠪᠠᠷ ᠮᠥᠷᠯᠡᠨ ᠬᠦᠯᠢᠶᠡᠵᠦ ᠪᠠᠶᠢᠪᠠ᠃ ᠡᠮᠴᠢᠯᠡᠭᠡᠨ ᠤ ᠠᠵᠢᠯᠲᠠᠨ ᠲᠡᠳᠡᠨ ᠳᠤ ᠴᠢᠰᠤᠨ ᠳᠠᠷᠤᠯᠲᠠ᠂ B ᠬᠡᠳᠦ ᠳᠣᠯᠭᠢᠶᠠᠨ ᠵᠡᠷᠭᠡ ᠪᠠᠶᠢᠴᠠᠭᠠᠯᠲᠠ ᠶᠢ ᠬᠢᠵᠦ᠂ ᠡᠷᠡᠭᠦᠯ ᠮᠡᠨᠳᠦ᠂ ᠠᠮᠢᠳᠤᠷᠠᠯ ᠪᠣᠯᠪᠠᠰᠤᠷᠠᠯ ᠤᠨ ᠲᠠᠯ᠎ᠠ ᠳᠤ ᠵᠥᠪᠯᠡᠮᠵᠢ ᠦᠭᠴᠦ ᠪᠠᠶᠢᠪᠠ᠃      ᠡᠵᠡᠨ ᠬᠤᠷᠤᠭ᠎ᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠧᠢ ᠹᠧᠩ ᠠᠴᠠ᠄ ︽ᠥᠩᠭᠡᠷᠡᠭᠰᠡᠨ ᠲᠠᠪᠤᠨ ᠵᠢᠯ ᠳᠤ ᠪᠢᠳᠡ ᠪᠠᠷᠤᠭ 20.7 ᠲᠦᠮᠡᠨ ᠬᠤᠪᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠺᠲ᠋ᠧᠷᠤᠨ ᠳᠠᠩᠰᠠ ᠡᠪᠬᠡᠮᠡᠯ ᠢ ᠲᠡᠭᠦᠯᠳᠡᠷᠵᠢᠭᠦᠯᠦᠨ᠂ 10 ᠲᠥᠮᠡᠨ ᠠᠶᠢᠯ ᠡᠷᠦᠬᠡ ᠳᠤ ᠭᠡᠷ ᠪᠦᠯᠢ ᠶᠢᠨ ᠡᠮᠴᠢ ᠲᠣᠬᠢᠷᠠᠭᠤᠯᠵᠤ᠂ 2020 ᠣᠨ ᠳᠤ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠠᠭᠤᠰᠬᠢᠨ ᠤ ᠦᠷᠪᠢᠰᠦᠯ ᠲᠠᠷᠢᠯᠭ᠎ᠠ ᠬᠢᠬᠦ ᠪᠠ ᠬᠠᠯᠳᠠᠪᠤᠷᠢᠲᠤ ᠲᠠᠭᠰᠢᠭᠤᠷ ᠤᠨ ᠸᠠᠺᠼᠢᠨ ᠲᠠᠷᠢᠬᠤ ᠪᠤᠲᠠᠲᠤ ᠠᠵᠢᠯ ᠢ ᠬᠢᠵᠦ᠂ ᠪᠥᠬᠦᠯᠢ13 ︱ 18 ᠨᠠᠰᠤᠨ ᠤ ᠡᠮᠡᠭᠲᠡᠶᠢᠴᠦᠳ ᠲᠤ ᠰᠦᠢᠳᠬᠡᠯ ᠬᠤᠷᠢᠶᠠᠬᠤ ᠦᠭᠡᠢ ᠪᠠᠷ HPV ᠦᠷᠪᠢᠰᠦᠯ ᠤᠨ ᠸᠠᠺᠼᠢᠨ ᠲᠠᠷᠢᠬᠤ ᠶᠢ ᠵᠠᠰᠠᠭ ᠤᠨ ᠣᠷᠳᠣᠨ ᠤ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠳᠤ ᠣᠷᠤᠭᠤᠯᠤᠨ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠲᠦᠷᠭᠡᠨ ᠪᠦᠲᠦᠮᠵᠢᠲᠡᠢ ᠰᠢᠢᠳᠪᠦᠷᠢᠯᠡᠨ᠎ᠡ︾ ᠭᠡᠪᠡ᠃      ᠡᠮᠴᠢᠯᠡᠭᠡᠨ ᠤ ᠲᠠᠯ᠎ᠠ ᠪᠠᠷ ᠠᠷᠠᠳ ᠲᠤ ᠠᠰᠢᠭ ᠬᠦᠷᠲᠡᠭᠡᠬᠦ ᠭᠡᠪᠡᠯ ᠡᠮᠨᠡᠯᠭᠡ ᠶᠢᠨ ᠬᠠᠲᠠᠭᠤ ᠲᠣᠨᠤᠭ ᠢᠶᠠᠨ ᠰᠠᠶᠢᠵᠢᠷᠠᠭᠤᠯᠬᠤ ᠬᠡᠷᠡᠭᠲᠡᠢ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ  ᠪᠠᠴᠢᠮ ᠠᠪᠤᠷᠠᠯᠳᠠ ᠶᠢᠨ ᠠᠰᠠᠷ ᠤᠨ ᠪᠠᠷᠠᠭᠤᠨ ᠲᠠᠯ᠎ᠠ ᠳᠤ᠂ 2.97 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ 41606.40 ᠺᠦᠸᠠᠳ᠋ ᠮᠧᠲᠷ ᠤᠨ ᠲᠠᠯᠠᠪᠠᠢ ᠪᠥᠬᠦᠢ ᠶᠡᠷᠦᠩᠬᠡᠶᠢᠯᠡᠭᠰᠡᠨ ᠴᠢᠨᠠᠷᠲᠠᠢ ᠡᠮᠨᠡᠯᠭᠡ ᠳᠤ ᠰᠠᠭᠤᠬᠤ ᠲᠣᠮᠣ ᠠᠰᠠᠷ ᠢ ᠶᠠᠭ ᠶᠠᠭᠠᠷᠠᠯᠲᠠᠢ ᠪᠦᠲᠦᠭᠡᠨ ᠪᠠᠶᠢᠭᠤᠯᠵᠤ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠳᠡᠳ᠋ ᠱᠦᠵᠢ ᠯᠢᠦ ᠵᠢᠶᠦ᠋ᠨ ᠱᠠᠨ᠄ ︽ᠪᠢᠳᠡ ᠠᠷᠠᠳ ᠲᠦᠮᠡᠨ ᠤ ᠡᠷᠡᠭᠦᠯ ᠮᠡᠨᠳᠦ ᠪᠠᠷ ᠲᠥᠪ ᠪᠣᠯᠭᠠᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ᠂ ᠣᠪᠣᠷ ᠰᠤᠷᠲᠠᠯ ᠢᠶᠠᠨ ᠦᠷᠬᠦᠯᠵᠢᠯᠡᠨ ᠰᠠᠶᠢᠵᠢᠷᠠᠭᠤᠯᠤᠨ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠡᠷᠳᠡᠮ ᠰᠢᠨᠵᠢᠯᠡᠭᠡᠨ ᠤ ᠪᠠᠶᠢᠭᠤᠯᠤᠯᠲᠠ ᠶᠢᠨ ᠲᠠᠯ᠎ᠠ ᠠᠴᠠ ᠭᠠᠷᠳᠠᠨ᠂ ᠬᠠᠲᠠᠭᠤ ᠲᠣᠨᠤᠭ᠂ ᠵᠥᠭᠡᠯᠡᠨ ᠲᠣᠨᠤᠭ ᠤᠨ ︽ᠬᠤᠣᠰ ᠳᠡᠭᠡᠭᠰᠢᠯᠡᠭᠦᠯᠦᠯᠲᠡ︾᠎ ᠶᠢ ᠲᠦᠯᠬᠢᠨ ᠠᠬᠢᠭᠤᠯᠤᠨ᠎ᠠ︾ ᠭᠡᠪᠡ᠃      ᠣᠯᠠᠨ ᠲᠦᠮᠡᠨ ᠢ ᠭᠡᠷ ᠤᠨ ᠢᠶᠠᠨ ᠡᠭᠦᠳᠡᠨ ᠳᠡᠭᠡᠷ᠎ᠡ ᠪᠠᠨ ︽ᠡᠪᠡᠳᠴᠢᠨ ᠢᠶᠠᠨ ᠦᠵᠡᠭᠦᠯᠵᠦ ᠳᠡᠶᠢᠯᠬᠦ᠂ ᠡᠪᠡᠳᠴᠢᠨ ᠢᠶᠠᠨ ᠰᠠᠶᠢᠬᠠᠨ ᠦᠵᠡᠬᠦᠯᠬᠦ︾ ᠭᠡᠳᠡᠭ ᠪᠣᠯ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠤᠷᠢᠶᠠᠩᠭᠤᠢ ᠳᠦᠷᠢ ᠮᠥᠨ᠃ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠡᠰᠢ᠂ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠨᠡᠮᠡᠭᠳᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠴᠢᠨᠠᠭᠰᠢᠳᠠ ᠲᠡᠭᠦᠯᠳᠡᠷᠵᠢᠨ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠶᠢᠷᠡᠵᠦ᠂ ᠠᠷᠠᠳ ᠣᠯᠠᠨ ᠤ ᠡᠪᠡᠳᠴᠢᠨ ᠦᠵᠡᠭᠦᠯᠬᠦ ᠡᠷᠬᠡ ᠲᠡᠭᠰᠢ ᠴᠢᠨᠠᠷ᠂ ᠪᠣᠯᠤᠮᠵᠢᠲᠤ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠶᠡᠭᠡ ᠪᠠᠷ ᠰᠠᠶᠢᠵᠢᠷᠠᠭᠰᠠᠨ ᠪᠠᠶᠢᠨ᠎ᠠ ᠃ ᠣᠳᠣᠬᠠᠨ ᠳᠤ᠂ ᠪᠦᠬᠦ ᠬᠤᠰᠢᠭᠤᠨ ᠳᠤ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 143᠂ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠣᠷᠣ 1374᠂ ᠡᠷᠡᠭᠦᠯ ᠬᠠᠮᠠᠭᠠᠯᠠᠯ ᠤᠨ ᠮᠡᠷᠭᠡᠵᠢᠯᠲᠡᠨ 1505 ᠪᠠᠶᠢᠵᠤ᠂ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠪᠠᠷ ᠭᠤᠣᠯᠯᠠᠭᠤᠯᠤᠭᠰᠠᠨ᠂ ᠬᠤᠲᠠ ᠬᠥᠳᠡᠭᠡ ᠶᠢ ᠪᠦᠷᠬᠦᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠪᠠ᠃ ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ︾᠎ ᠶᠢᠨ ᠲᠥᠷᠥᠯ ᠵᠦᠢᠯ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡ ᠴᠣᠭᠴᠠᠵᠢᠭᠤᠯᠤᠯᠲᠠ ᠶᠢ ᠪᠡᠶᠡᠯᠡᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠪᠦᠬᠦ ᠬᠤᠰᠢᠭᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠵᠢᠱᠢᠭᠰᠡᠨ ᠨᠠᠰᠤ ᠨᠢ 77.38᠎ ᠳᠤ ᠬᠦᠷᠴᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 20%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠭᠤᠣᠯ ᠭᠦᠢᠴᠡᠳᠬᠡᠯ ᠲᠤᠭ᠎ᠠ ᠶᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠭᠠᠨ᠎ᠠ᠃      ᠡᠵᠡᠨ ᠬᠤᠷᠤᠭ᠎ᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠧᠢ ᠹᠧᠩ ᠄ ︽ᠢᠷᠡᠭᠡᠳᠦᠢ ᠶᠢᠨ 5 ᠵᠢᠯ ᠳᠤ ᠪᠢᠳᠡ᠂ ᠡᠷᠡᠭᠦᠯ ᠴᠢᠭᠢᠷᠠᠭ ᠳᠤᠮᠳᠠᠳᠤ ᠤᠯᠤᠰ ᠤᠨ ᠡᠵᠡᠨ ᠬᠤᠷᠤᠭ᠎ᠠ ᠬᠤᠰᠢᠭᠤᠨ ᠤ ᠠᠵᠢᠯᠯᠠᠭ᠎ᠠ ᠶᠢ ᠭᠦᠨᠵᠡᠭᠡᠢ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠨ᠂ ᠣᠷᠣᠨ ᠪᠦᠰᠡ ᠶᠢᠨ ᠡᠮᠴᠢᠯᠡᠭᠡ ᠡᠷᠡᠭᠦᠯᠵᠢᠯ ᠤᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ᠂  ᠳᠡᠰ ᠬᠤᠪᠢᠶᠠᠨ ᠣᠨᠣᠰᠢᠯᠠᠨ ᠡᠮᠨᠡᠬᠦ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ᠂ ᠡᠮ ᠡᠮᠨᠡᠯᠭᠡ ᠶᠢᠨ ᠪᠠᠲᠤᠯᠠᠭ᠎ᠠ᠂ ᠡᠮ ᠤᠨ ᠵᠦᠢᠯᠡᠰ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠵᠡᠷᠭᠡ ᠲᠠᠪᠤᠨ ᠵᠦᠢᠯ ᠤᠨ ᠳᠦᠷᠢᠮ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠭᠠᠷᠭᠠᠵᠤ᠂ ᠳᠤᠮᠳᠠᠳᠤ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠠᠵᠢᠯ ᠢ ᠭᠦᠨᠵᠡᠭᠡᠢ ᠠᠬᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ᠂ ᠡᠬᠡ ᠨᠢᠯᠬᠠᠰ ᠤᠨ ᠦᠢᠯᠡᠴᠢᠯᠡᠭᠡ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠪᠣᠳᠠᠲᠠᠢ ᠠᠵᠢᠯ ᠢ ᠨᠠᠷᠢᠨ ᠪᠣᠳᠠᠲᠠᠢ ᠬᠢᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ︾ ᠭᠡᠯ᠎ᠡ᠃      ᠬᠤᠰᠢᠭᠤᠨ ᠤ ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ  ᠳᠡᠭᠡᠷ᠎ᠡ ᠂ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠠᠤᠭ᠎ᠠ ᠲᠥᠰᠥᠪ ᠢ ᠵᠢᠷᠤᠭᠯᠠᠪᠠ᠃ ᠲᠡᠦᠬᠡ ᠶᠢᠨ ᠰᠢᠨ᠎ᠡ ᠡᠬᠢᠯᠡᠯᠲᠡ ᠳᠡᠭᠡᠷ᠎ᠡ᠂ ᠮᠠᠨ ᠤ ᠬᠤᠰᠢᠭᠤ ᠨᠢ ᠲᠣᠭᠲᠠᠯᠴᠠᠭ᠎ᠠ ᠨᠢ ᠪᠦᠷᠢᠨ ᠪᠦᠲᠦᠨ᠂ ᠪᠠᠶᠢᠷᠢᠯᠠᠭᠤᠯᠤᠯᠲᠠ ᠨᠢ ᠵᠣᠬᠢᠰᠲᠠᠢ᠂ ᠠᠵᠢᠯ ᠤᠨ ᠬᠤᠪᠢᠶᠠᠷᠢ ᠨᠢ ᠲᠣᠳᠣᠷᠬᠠᠢ᠂ ᠴᠢᠳᠠᠪᠬᠢ ᠨᠢ ᠬᠠᠷᠢᠯᠴᠠᠨ ᠨᠥᠬᠦᠪᠥᠷᠢᠯᠡᠬᠦ᠂ ᠨᠢᠭᠲᠠ ᠬᠠᠮᠵᠢᠯᠴᠠᠭᠰᠠᠨ᠂ ᠠᠵᠢᠯᠯᠠᠭ᠎ᠠ ᠨᠢ ᠥᠨᠳᠥᠷ ᠪᠦᠲᠦᠮᠵᠢᠲᠡᠢ᠂ ᠤᠶᠠᠨ ᠬᠠᠳᠠᠨ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ᠂ ᠡᠮᠬᠢᠯᠡᠨ ᠨᠡᠶᠢᠯᠡᠭᠦᠯᠦᠭᠰᠡᠨ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠵᠤ᠂ ᠠᠷᠠᠳ ᠲᠦᠮᠡᠨ ᠳᠤ ᠨᠡᠩ ᠰᠢᠯᠢᠳᠡᠭ ᠂ ᠠᠶᠤᠯᠭᠦᠢ ᠡᠮᠴᠢᠯᠡᠭᠡᠨ ᠤ ᠦᠢᠯᠡᠴᠢᠯᠡᠭᠡ ᠬᠠᠩᠭᠠᠨ᠂ ᠣᠷᠴᠢᠨ ᠦᠶ᠎ᠡ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠪᠠᠬᠢᠵᠢᠭᠦᠯᠬᠦ ᠪᠣᠯᠤᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号