ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ  ᠪᠠᠶᠢᠭᠤᠯᠤᠭᠳᠠᠬᠤ ᠲᠤᠬᠠᠶ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
        ᠡᠵᠡᠨ ᠵᠠᠰᠠᠭ ᠠᠯᠪᠠᠨ ᠲᠠᠷᠬᠠᠭᠠᠭᠰᠠᠨ  ﹇2021﹈ 11 ᠳ᠋ᠤᠭᠡᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄      ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠤᠯᠤᠰ ᠤᠨ 2021 ᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ︾᠎ ᠢ ᠢᠳᠡᠪᠬᠢᠲᠡᠶ ᠡᠭᠦᠳᠦᠨ ᠪᠠᠶᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠳᠤᠯᠤᠭᠠᠳ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠦᠷᠢᠯᠳᠦᠬᠦᠨ ᠤ ᠨᠡᠷᠡᠰ ᠨᠢ ᠳᠤᠤᠷᠠᠬᠢ ᠮᠡᠲᠦ᠄    ᠳᠤᠭᠤᠶᠢᠯᠠᠩ ᠤᠨ ᠳᠠᠷᠤᠭ᠎ᠠ᠄      ᠰᠤ᠋ ᠰᠢᠨ ᠶᠠ       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂                         ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄      ᠯᠢᠦ ᠬᠤᠸᠠᠢ ᠢᠦᠶ   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂                         ᠵᠠᠰᠠᠭ ᠤᠨ ᠣᠷᠳᠣᠨ ᠤ ᠳᠡᠳ᠋ ᠳᠠᠷᠤᠭ᠎ᠠ      ᠪᠠᠢ ᠵᠢᠶᠠᠨ ᠭᠠᠩ    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂                         ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ      ᠶᠠᠨ ᠼᠠᠢ ᠢᠦᠶ      ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ      ᠵᠠᠩ ᠶᠦᠩ         ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ      ᠮᠡᠨᠳᠦᠪᠠᠶᠠᠷ         ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ      ᠪᠢᠶᠠᠨ ᠶᠦᠩ ᠰᠢᠶᠠᠩ   ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ                           ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠢᠶᠠᠩᠰᠦ ᠶᠢᠨ ᠠᠵᠤ                           ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ                           ᠵᠥᠪᠯᠡᠯ ᠤᠨ ᠳᠡᠳ᠋ ᠡᠷᠬᠢᠯᠡᠭᠴᠢ᠃    ᠭᠡᠰᠢᠭᠦᠨ᠄                          ᠵᠣᠣ ᠬᠠᠶ ᠯᠦ      ᠤᠯᠠᠭᠠᠨᠮᠦ᠋ᠷᠡᠨ ᠪᠠᠯᠭᠠᠰᠤᠨ ᠤ ᠳᠠᠷᠤᠭ᠎ᠠ      ᠸᠠᠩ ᠰᠡᠴᠡᠨ      ᠠᠯᠳᠠᠨᠰᠢᠷᠡᠭᠡ ᠪᠠᠯᠭᠠᠰᠤᠨ ᠤ ᠳᠠᠷᠤᠭ᠎ᠠ        ᠮᠢ ᡁᠢ ᠵᠢᠶᠦ᠋ᠨ    ᠡᠵᠡᠨ ᠬᠤᠷᠤᠭ᠎ᠠ ᠪᠠᠯᠭᠠᠰᠤᠨ ᠤ ᠳᠠᠷᠤᠭ᠎ᠠ      ᠠᠯᠳᠠᠨᠪᠤᠤ         ᠵᠠᠰᠠᠭ ᠪᠠᠯᠭᠠᠰᠤᠨ ᠤ ᠳᠠᠷᠤᠭ᠎ᠠ      ᠸᠠᠩ ᠢᠦᠶ ᠵᠢᠶᠧ   ᠨᠠᠷᠢᠨᠳᠤᠬᠤᠢ ᠪᠠᠯᠭᠠᠰᠤᠨ ᠤ ᠳᠠᠷᠤᠭ᠎ᠠ      ᠱᠢ ᠯᠢ ᠵᠢᠶᠦ᠋ᠨ    ᠬᠤᠨᠢᠴᠢᠨᠭᠤᠤᠯ ᠪᠠᠯᠭᠠᠰᠤᠨ ᠤ ᠳᠠᠷᠤᠭ᠎ᠠ      ᠸᠠᠩ ᡁᠢ ᠫᠧᠩ    ᠰᠤᠪᠤᠷᠭ᠎ᠠ ᠪᠠᠯᠭᠠᠰᠤᠨ ᠤ ᠳᠡᠳ᠋ ᠳᠠᠷᠤᠭ᠎ᠠ      ᠤᠣ ᠶᠤᠸᠠᠨ       ᠬᠤᠰᠢᠭᠤᠨ ᠤ ᠡᠪᠯᠡᠯ ᠤᠨ ᠬᠤᠷᠢᠶᠠᠨ ᠤ ᠱᠦᠵᠢ      ᠯᠢ ᠯᠢ            ᠬᠤᠰᠢᠭᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ      ᠭᠤᠤ ᠷᠦᠢ        ᠬᠤᠰᠢᠭᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ      ᠰᠢᠤᠢ ᠵᠢᠶᠠᠨ ᠭᠠᠩ  ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠴᠢ ᠬᠤᠩ ᠮᠧᠶ     ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ      ᠳ᠋ᠦ᠋ ᠶᠠᠨ ᠪᠢᠨ      ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ                        ᠲᠣᠪᠴᠢᠶ᠎ᠠ ᠶᠢᠨ ᠳᠠᠷᠤᠭ᠎ᠠ      ᠵᠠᠩ ᠳ᠋ᠧ ᠴᠢᠶᠠᠩ    ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠨᠠ᠊  ᠰᠤᠶᠤᠯᠳᠠᠯᠠᠢ    ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ                        ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ      ᠸᠠᠩ ᠷᠦᠢ ᠰᠢᠤᠸᠠᠢ   ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠶᠠᠨ ᡁᠢ ᠪᠢᠨ        ᠬᠤᠰᠢᠭᠤ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ      ᠵᠠᠩ ᡁᠢ ᠵᠢᠶᠦ᠋ᠨ     ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ      ᠴᠧᠨ ᠯᠢ ᠵᠢᠶᠦ᠋ᠨ     ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ      ᠯᠢ ᠷᠦᠢ ᠴᠧᠩ       ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠷᠧᠨ ᠭᠤᠸᠠᠩ ᠷᠦᠩ   ᠬᠤᠰᠢᠭᠤᠨ ᠤ ᠠᠵᠢᠯ ᠣᠯᠭᠤᠯᠲᠠ ᠶᠢᠨ ᠲᠣᠪᠴᠢᠶᠠᠨ ᠤ ᠳᠠᠷᠤᠭ᠎ᠠ᠃      ᠸᠠᠩ ᠰᠢᠨ          ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ      ᠮᠠ ᠼᠠᠢ ᠬᠤᠩ     ᠬᠤᠰᠢᠭᠤᠨ ᠤ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ      ᠶᠠᠩ  ᠸᠧᠨ ᠬᠤᠸᠠ    ᠬᠤᠰᠢᠭᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ      ᠶᠠᠨ ᠰᠢᠶᠠᠩ          ᠶᠦᠨ ᠳ᠋ᠦᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ      ᠭᠤᠤ ᠵᠢᠶᠦ᠋ᠨ         ᠬᠤᠰᠢᠭᠤᠨ ᠤ ᠰᠢᠤᠳᠠᠨ ᠤ ᠶᠠᠪᠤᠳᠠᠯ ᠤᠨ ᠺᠣᠮᠫᠠᠨᠢ ᠶᠢᠨ ᠶᠡᠷᠦᠩᠬᠡᠶ ᠳᠠᠭᠠᠭᠠᠮᠠᠯ      ᠳ᠋ᠢᠩ ᠸᠠᠨ ᠯᠢ         ᠬᠤᠰᠢᠭᠤ ᠠᠷᠠᠳ ᠤᠨ ᠪᠠᠩᠬᠢ ᠶᠢᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠪᠠᠶᠢᠭᠤᠯᠵᠤ᠂ ᠠᠯᠪᠠᠨ ᠬᠡᠷ ᠢ ᠬᠤᠰᠢᠭᠤᠨ ᠤ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠪᠠᠶᠢᠷᠢᠯᠠᠭᠤᠯᠤᠨ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠳ᠋ᠦ᠋ ᠶᠠᠨ ᠪᠢᠨ ᠬᠠᠪᠰᠤᠷᠭᠠᠨ ᠡᠭᠦᠷᠭᠡᠯᠡᠨ᠎ᠡ᠃        ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄      ᠬᠤᠰᠢᠭᠤᠨ ᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠄ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢ ᠠᠰᠢᠭᠯᠠᠨ ᠵᠠᠯᠠᠭᠤᠴᠤᠳ᠂ ᠡᠮᠡᠭᠲᠡᠶᠢᠴᠦᠳ ᠤᠨ ᠦᠢᠯᠡᠰ ᠪᠤᠰᠬᠠᠬᠤ᠂ ᠠᠵᠢᠯ ᠤᠯᠬᠤ ᠶᠢ ᠠᠬᠢᠭᠤᠯᠬᠤ ᠶᠢᠨ ᠬᠠᠮᠲᠤ ᠲᠥᠷᠥᠯ  ᠵᠦᠢᠯ᠂ ᠪᠠᠯᠠ ᠮᠥᠩᠭᠦ ᠶᠢᠨ ᠳᠡᠮᠵᠢᠯᠭᠡ ᠬᠠᠩᠭᠠᠨ᠎ᠠ᠃      ᠬᠤᠰᠢᠭᠤᠨ ᠤ  ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠄ ᠬᠤᠰᠢᠭᠤᠨ ᠤ ᠪᠦᠷᠢᠨ ᠪᠠᠷᠠᠭ᠎ᠠ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠤᠨ ᠠᠵᠢᠯ ᠥᠷᠨᠢᠭᠦᠯᠬᠦ ᠶᠢ ᠬᠠᠷᠢᠭᠤᠴᠠᠨ ᠵᠢᠯᠣᠭᠤᠳᠴᠤ᠂  ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠡᠷᠡᠭᠯᠡᠬᠦ ᠶᠢ ᠠᠬᠢᠭᠤᠯᠤᠨ᠎ᠠ᠃      ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠬᠠᠮᠢᠶ᠎ᠠ ᠪᠥᠬᠦᠶ ᠲᠥᠷᠥᠯ ᠵᠦᠢᠯ ᠢ ᠲᠣᠭᠲᠠᠭᠠᠬᠤ ᠪᠠ ᠳᠡᠭᠡᠭᠰᠢ ᠮᠡᠳᠡᠭᠦᠯᠵᠦ ᠭᠤᠶᠤᠴᠢᠯᠠᠬᠤ ᠠᠵᠢᠯ ᠢ ᠬᠠᠷᠢᠭᠤᠴᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠣᠷᠣᠯᠴᠠᠨ᠎ᠠ᠃      ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠵᠢᠯᠣᠭᠤᠳᠤᠨ ᠠᠬᠢᠭᠤᠯᠬᠤ ᠶᠢ ᠬᠠᠷᠢᠭᠤᠴᠠᠵᠤ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠵᠢᠴᠢ ᠠᠵᠤ ᠠᠬᠤᠶᠢᠯᠠᠯ ᠢ ᠬᠠᠪᠰᠤᠷᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠤᠳᠤᠯᠤᠨ ᠨᠡᠭᠡᠭᠡᠬᠦ ᠲᠥᠪ᠂ ᠵᠥᠭᠡᠯᠡᠨ ᠲᠣᠨᠤᠭ ᠤᠨ ᠠᠵᠤ ᠠᠬᠤᠶᠢᠯᠠᠯ᠂ ᠲᠤᠰᠬᠠᠶ ᠠᠰᠢᠭ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠪᠠᠷ ᠮᠡᠳᠡᠭᠦᠯᠵᠦ᠂ ᠤᠯᠤᠰ ᠤᠨ ᠰᠢᠨ᠎ᠡ ᠶᠢ ᠡᠭᠦᠳᠬᠦ ᠰᠠᠭᠤᠷᠢ ᠮᠥᠩᠭᠦ᠂ ᠦᠷ᠎ᠡ ᠶᠢᠨ ᠰᠠᠭᠤᠷᠢ ᠮᠥᠩᠭᠦ ᠵᠡᠷᠭᠡ ᠶᠢ ᠴᠢᠷᠮᠠᠶᠢᠨ ᠣᠯᠤᠨ᠎ᠠ᠃      ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠤᠰᠬᠠᠶ ᠨᠡᠶᠢᠭᠡᠮ ᠤᠨ ᠣᠷᠣᠯᠠᠨ ᠬᠦᠢᠴᠡᠳᠭᠡᠬᠦ ᠪᠠᠶᠢᠭᠤᠯᠤᠮᠵᠢ ᠶᠢ ᠰᠣᠩᠭᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠲᠥᠷᠥᠯ ᠵᠦᠢᠯ ᠤᠨ ᠲᠤᠰᠬᠠᠶ ᠵᠠᠷᠤᠳᠠᠯ ᠢ ᠨᠠᠶᠢᠳᠠᠪᠤᠷᠢᠵᠢᠭᠤᠯᠬᠤ ᠪᠠ ᠪᠠᠲᠤᠯᠠᠬᠤ ᠶᠢ ᠬᠠᠷᠢᠭᠤᠴᠠᠨ᠎ᠠ︔ ᠶᠡᠷᠦᠩᠬᠡᠶᠢᠯᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠲᠤᠰᠬᠠᠶ ᠳᠠᠩᠰᠠ ᠪᠠᠷ ᠬᠠᠮᠢᠶᠠᠷᠬᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠲᠦ᠋ᠷᠦᠯ ᠵᠦᠢᠯ ᠢ ᠬᠡᠷᠡᠭᠵᠢᠭᠦᠯᠦᠭᠰᠡᠨ ᠠᠬᠢᠴᠠ ᠪᠠᠷ ᠵᠣᠭᠤᠰ ᠰᠠᠯᠭᠠᠨ ᠥᠭᠬᠦ︔ ᠪᠦᠬᠦ ᠶᠠᠪᠤᠴᠠ ᠳᠤ ᠲᠥᠷᠥᠯ  ᠵᠦᠢᠯ ᠤᠨ ᠪᠡᠯᠡ ᠮᠥᠩᠭᠦ ᠶᠢᠨ ᠬᠤᠪᠢᠶᠠᠷᠢᠯᠠᠯᠲᠠ ᠬᠡᠷᠡᠭᠯᠡᠯᠲᠡ ᠶᠢᠨ  ᠪᠠᠶᠢᠳᠠᠯ ᠳᠤ ᠬᠢᠨᠠᠯᠲᠠ ᠲᠠᠯᠪᠢᠨ᠎ᠠ᠃      ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠲᠣᠪᠴᠢᠶ᠎ᠠ᠄ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠵᠢᠴᠢ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠨᠥᠬᠦᠪᠥᠷᠢ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃      ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠤᠨ ᠬᠦᠷᠢᠶᠡᠯᠡᠩ ᠵᠢᠴᠢ ᠢᠵᠢ ᠪᠥᠷᠢᠳᠦᠭᠰᠡᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶ᠋ᠯᠭᠡᠭᠡᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠵᠢᠭᠦᠯᠬᠦ ᠶᠢᠨ ᠬᠠᠮᠲᠤ ᠵᠢᠯᠣᠭᠤᠳᠴᠤ᠂ ᠵᠣᠬᠢᠴᠠᠭᠤᠯᠤᠨ ᠲᠥᠯᠥᠪᠵᠢᠭᠦᠯᠵᠦ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠄ ᠪᠠᠷᠠᠭᠠᠨ ᠤ ᠬᠦᠢᠯᠭᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠬᠠᠷᠢᠭᠤᠴᠠᠵᠤ᠂ ᠰᠢᠤᠳᠠᠨ᠂ ᠲᠦᠷᠭᠡᠨ ᠬᠦᠷᠭᠡᠯᠲᠡ ᠶᠢᠨ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠵᠡᠷᠭᠡ ᠬᠥᠳᠡᠭᠡ ᠲᠣᠰᠬᠤᠨ ᠤ ᠪᠠᠷᠠᠭᠠᠨ ᠤ ᠬᠦᠢᠯᠭᠡᠭᠡ ᠶᠢᠨ ᠲᠣᠬᠢᠷᠠᠭᠤᠯᠤᠨ ᠬᠦᠷᠭᠡᠬᠦ ᠲᠤᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠣᠯᠠᠨ ᠵᠦᠢᠯ ᠤᠨ ᠬᠡᠯᠪᠡᠷᠢ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠰᠢᠭᠤ ᠲᠣᠭᠤᠷᠢᠭ ᠠᠴᠠ ᠰᠢᠶᠠᠩ ︵ᠪᠠᠯᠭᠠᠰᠤ︶᠂ ᠲᠣᠰᠬᠤᠨ ᠬᠦᠷᠲᠡᠯᠡᠬᠢ ᠲᠦᠷᠭᠡᠨ ᠬᠦᠷᠭᠡᠯᠲᠡ ᠶᠢᠨ ᠪᠠᠷᠠᠭᠠᠨ ᠤ ᠬᠦᠢᠯᠭᠡᠭᠡ ᠶᠢᠨ ᠲᠤᠬᠠᠶᠢᠯᠠᠭᠰᠠᠨ ᠠᠵᠢᠯ ᠢ ᠳᠠᠭᠠᠭᠠᠨ ᠠᠪᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠵᠠᠮ ᠤᠨ ᠰᠠᠭᠠᠳ ᠦᠭᠡᠶ ᠨᠡᠪᠲᠡᠷᠡᠬᠦ ᠨᠣᠷᠮ᠎ᠠ ᠶᠢ ᠳᠡᠭᠡᠭᠰᠢᠯᠡᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢᠨ  ᠬᠦᠢᠯᠭᠡᠭᠡᠨ ᠤ ᠳᠠᠮᠵᠢᠭᠤᠯᠤᠨ ᠬᠦᠷᠭᠡᠬᠦ ᠲᠥᠪ᠂ ᠰᠢᠤᠳᠠᠨ ᠤ ᠶᠠᠪᠤᠳᠠᠯ ᠤᠨ ᠺᠣᠮᠫᠠᠨᠢ᠂ ᠭᠤᠷᠪᠠᠳᠠᠬᠢ ᠡᠲᠡᠭᠡᠳ ᠤᠨ ᠪᠠᠷᠠᠭ᠎ᠠ ᠶᠢᠨ ᠬᠦᠢᠯᠭᠡᠭᠡᠨ ᠤ ᠺᠣᠮᠫᠠᠨᠢ ᠵᠡᠷᠭᠡ ᠪᠠᠷᠠᠭ᠎ᠠ ᠶᠢᠨ ᠬᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠪᠠᠷᠠᠭᠠᠨ ᠤ  ᠬᠦᠢᠯᠭᠡᠭᠡᠨ ᠤ ᠠᠵᠤ ᠠᠬᠤᠶᠢᠯᠠᠯ ᠪᠣᠯᠤᠨ ᠠᠶᠠᠨᠴᠢᠳ ᠤᠨ ᠲᠡᠭᠡᠭᠡᠪᠦᠷᠢ ᠶᠢᠨ ᠺᠣᠮᠫᠠᠨᠢ ᠶᠢ ᠳᠠᠶᠢᠴᠢᠯᠠᠨ ᠲᠡᠷᠭᠡᠨ ᠪᠡᠶ᠎ᠡ ᠶᠢᠨ ᠵᠠᠷ ᠮᠡᠳᠡᠭᠡ᠂ ᠤᠷᠢᠶ᠎ᠠ ᠯᠣᠽᠦ᠋ᠩ ᠵᠣᠬᠢᠶᠠᠵᠤ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠴᠢᠬᠤᠯᠠ ᠴᠢᠨᠠᠷ᠂ ᠴᠢᠬᠤᠯᠠ ᠴᠢᠨᠠᠷ ᠢ ᠶᠡᠬᠡᠪᠡᠷ ᠤᠬᠠᠭᠤᠯᠤᠨ᠎ᠠ᠃      ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠄ ᠪᠥᠬᠦ ᠬᠤᠰᠢᠭᠤᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠵᠢᠴᠢ ᠨᠠᠷᠠᠲᠤ ᠲᠡᠮᠳᠡᠭ ᠢ ᠪᠤᠶᠢᠵᠢᠭᠤᠯᠤᠨ ᠳᠡᠯᠭᠡᠷᠡᠭᠦᠯᠬᠦ ᠠᠵᠢᠯ ᠢ ᠬᠠᠷᠢᠭᠤᠴᠠᠵᠤ᠂ ᠬᠥᠳᠡᠭᠡ ᠲᠣᠰᠬᠤᠨ ᠤ ᠦᠢᠯᠡᠳᠬᠦᠨ ᠤ ᠶᠠᠰᠤ ᠴᠢᠨᠠᠷ ᠤᠨ ᠡᠬᠢ ᠰᠤᠷᠪᠤᠯᠵᠢ ᠶᠢ ᠡᠷᠢᠬᠦ ᠪᠠᠶᠢᠭᠤᠯᠤᠯᠲᠠ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠵᠤ᠂ ᠲᠣᠰ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠤᠨ ᠣᠨᠴᠠ ᠭᠠᠷᠤᠯᠲᠠ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡ ᠪᠠ ᠪᠣᠯᠪᠠᠰᠤᠷᠠᠯ ᠳᠤ ᠣᠷᠣᠯᠴᠠᠭᠤᠯᠵᠤ᠂ ᠬᠥᠳᠡᠭᠡ ᠲᠣᠰᠬᠤᠨ ᠤ ᠪᠦᠲᠦᠭᠡᠭᠳᠡᠬᠦᠨ ᠤ ᠦᠢᠯᠡᠳᠪᠦᠷᠢᠯᠡᠯ ᠬᠦᠢᠯᠭᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠷᠭᠠᠴᠠᠨ  ᠰᠢᠢᠳᠪᠦᠷᠢᠯᠡᠬᠦ ᠪᠡᠯᠡᠳᠬᠡᠯ ᠲᠥᠰᠦᠯ ᠢ ᠪᠠᠶᠢᠭᠤᠯᠤᠨ᠎ᠠ᠃      ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠄ ᠪᠥᠬᠦ ᠬᠤᠰᠢᠭᠤᠨ ᠤ ᠵᠢᠭᠤᠯᠴᠢᠯᠠᠯ ᠤᠨ ᠠᠵᠢᠯ ᠲᠥᠷᠥᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰᠵᠢᠯᠳᠡ ᠶᠢᠨ ᠠᠵᠢᠯ ᠢ ᠬᠠᠷᠢᠭᠤᠴᠠᠨ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠭ᠎ᠠ ᠪᠠᠷᠢᠯ ᠢ ᠠᠰᠢᠭᠯᠠᠨ ᠵᠢᠭᠤᠯᠴᠢᠯᠠᠯ ᠤᠨ ᠣᠨᠴᠠᠯᠢᠭᠲᠤ ᠡᠬᠢ ᠪᠠᠶᠠᠯᠢᠭ ᠢ ᠤᠬᠠᠭᠤᠯᠤᠨ ᠳᠡᠯᠭᠡᠷᠡᠭᠦᠯᠵᠦ᠂ ᠵᠢᠭᠤᠯᠴᠢᠯᠠᠯ ᠤᠨ ᠣᠨᠴᠠᠯᠢᠭᠲᠤ ᠬᠥᠳᠡᠭᠡ ᠲᠣᠰᠬᠤᠨ ᠤ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠣᠭᠠᠯᠠᠨ ᠳᠡᠯᠭᠡᠨ ᠪᠣᠷᠣᠯᠠᠭᠤᠯᠬᠤ ᠶᠢ ᠵᠣᠬᠢᠶᠠᠨ ᠪᠠᠶᠢᠭᠤᠯᠤᠨ᠎ᠠ᠃      ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠵᠢᠴᠢ ᠡᠯ᠎ᠡ ᠵᠦᠢᠯ ᠤᠨ ᠭᠠᠷᠳᠠᠮ ᠢ ᠭᠦᠢᠴᠡᠳᠭᠡᠬᠦ ᠳᠤ ᠨᠢᠭᠡ ᠯᠡ ᠥᠷᠲᠡᠭᠡᠨ ᠤ ᠮᠠᠶ᠋ᠢᠭ ᠤᠨ  ᠦᠢᠯᠡᠴᠢᠯᠡᠭᠡ ᠬᠠᠩᠭᠠᠬᠤ ᠶᠢ ᠬᠠᠷᠢᠭᠤᠴᠠᠵᠤ᠂  ᠦᠢᠯᠡᠳᠬᠦᠨ ᠤ ᠶᠠᠰᠤ ᠴᠢᠨᠠᠷ ᠢ ᠬᠢᠨᠠᠨ ᠬᠡᠮᠵᠢᠬᠦ᠂ ᠢᠳᠡᠭᠡᠨ ᠤ ᠠᠮᠤᠷ ᠲᠦᠪᠰᠢᠨ ᠢ ᠭᠡᠷᠡᠴᠢᠯᠡᠬᠦ᠂  ᠦᠢᠯᠡᠳᠬᠦᠨ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠠᠷᠢᠭᠤᠴᠠᠵᠤ᠂ ᠪᠠᠷᠢᠮᠵᠢᠶᠠᠵᠢᠭᠤᠯᠤᠭᠰᠠᠨ  ᠦᠢᠯᠡᠳᠪᠦᠷᠢᠯᠡᠯ ᠤᠨ ᠠᠵᠢᠯ ᠢ ᠵᠢᠯᠣᠭᠤᠳᠴᠤ᠂ ᠲᠣᠰ ᠭᠠᠵᠠᠷ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠲᠥᠷᠥᠯ ᠤᠨ ᠡᠯᠧᠺᠲᠷᠣᠨ ᠬᠤᠳᠠᠯᠳᠤᠭᠠᠨ ᠤ  ᠦᠢᠯᠡᠳᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠢᠶ᠎ᠠ ᠪᠦᠬᠦᠢ ᠢᠲᠡᠭᠡᠮᠵᠢ ᠶᠢᠨ ᠳᠦᠷᠢᠮ ᠢ ᠲᠣᠭᠲᠠᠭᠠᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠴᠢᠩᠭᠠᠳᠬᠠᠨ᠎ᠠ᠃      ᠬᠤᠰᠢᠭᠤᠨ ᠤ ᠮᠥᠩᠭᠦᠨ  ᠬᠦᠢᠯᠭᠡᠭᠡᠨ ᠤ  ᠦᠢᠯᠡᠴᠢᠯᠡᠭᠡᠨ ᠤ ᠲᠥᠪ᠂ ᠠᠷᠠᠳ ᠤᠨ ᠪᠠᠩᠬᠢ᠄ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠮᠥᠩᠭᠦᠨ ᠬᠦᠢᠯᠭᠡᠭᠡᠨ ᠤ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃       ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ᠄ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠤᠨ ᠬᠦᠷᠢᠶᠡᠯᠡᠩ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠵᠢᠯᠣᠭᠤᠳᠴᠤ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ᠄ ᠲᠠᠷᠢᠶᠠᠯᠠᠩ ᠤᠨ ᠪᠦᠲᠦᠭᠡᠭᠳᠡᠬᠦᠨ ᠤ ᠬᠦᠢᠯᠭᠡᠭᠡ ᠪᠠ ᠲᠠᠷᠢᠶᠠᠯᠠᠩ ᠤᠨ ᠬᠡᠷᠡᠭᠰᠡᠯ ᠤᠨ ᠡᠵᠡᠩᠨᠡᠯᠲᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃      ᠬᠤᠰᠢᠭᠤᠨ ᠤ ᠰᠢᠤᠳᠠᠨ ᠤ ᠺᠣᠮᠫᠠᠨᠢ᠄ ᠬᠥᠮᠥᠷᠭᠡᠯᠡᠨ ᠬᠠᠳᠠᠭᠠᠯᠠᠬᠤ ᠲᠥᠪ᠂ ᠬᠤᠪᠢᠶᠠᠨ ᠪᠣᠷᠣᠯᠠᠭᠤᠯᠬᠤ ᠲᠠᠪᠴᠠᠩ᠂ ᠪᠠᠷᠠᠭᠠᠨ ᠤ ᠬᠦᠢᠯᠭᠡᠭᠡᠨ ᠤ ᠲᠦᠷᠭᠡᠨ ᠬᠦᠷᠭᠡᠯᠲᠡ᠂ ᠦᠨᠳᠦᠰᠦᠨ ᠱᠠᠲᠤᠨ ᠤ ᠲᠤᠤᠷ ᠴᠢᠭ ᠵᠡᠷᠭᠡ ᠲᠠᠯ᠎ᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠶ ᠠᠬᠢᠭᠤᠯᠤᠨ᠎ᠠ᠃      ᠡᠯ᠎ᠡ ᠪᠠᠯᠭᠠᠰᠤ᠄ ᠪᠠᠯᠭᠠᠰᠤ ︵ᠲᠣᠰᠬᠤᠨ᠂ ᠨᠡᠶᠢᠭᠡᠮ ᠲᠣᠭᠤᠷᠢᠭ︶᠎ ᠶᠢᠨ ᠦᠢᠯᠡᠴᠢᠯᠡᠭᠡᠨ ᠤ ᠥᠷᠲᠡᠭᠡ ︵ᠴᠢᠬ︶᠎ ᠶᠢᠨ ᠭᠠᠵᠠᠷ ᠰᠣᠩᠭᠤᠬᠤ᠂ ᠠᠵᠢᠯᠲᠠᠨ ᠢ ᠨᠠᠶᠢᠳᠠᠪᠤᠷᠢᠵᠢᠭᠤᠯᠬᠤ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠭᠤᠯᠤᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠬᠤ᠂ ᠲᠣᠰ ᠭᠠᠵᠠᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ ᠵᠡᠷᠭᠡ ᠠᠵᠢᠯ ᠢ ᠬᠠᠷᠢᠭᠤᠴᠠᠵᠤ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠤᠨ ᠵᠣᠬᠢᠴᠠᠭᠤᠯᠬᠤ ᠪᠠ ᠬᠠᠮᠵᠢᠯᠴᠠᠬᠤ ᠠᠵᠢᠯ ᠢ ᠰᠠᠶᠢᠲᠤᠷ ᠬᠢᠨ᠎ᠠ᠃              ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ             2021 ᠣᠨ ᠤ 5 ᠰᠠᠷ᠎ᠠ ᠶᠢᠨ 10᠎ ᠤ ᠡᠳᠦᠷ ᠳᠠᠷᠤᠮᠠᠯᠯᠠᠨ ᠲᠠᠷᠬᠠᠭᠠᠪᠠ    
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号