| ᠡᠵᠡᠨ ᠵᠠᠰᠠᠭ ᠲᠠᠷᠬᠠᠭᠠᠭᠰᠠᠨ ﹇2021﹈ 11 ᠳ᠋ᠤᠭᠡᠷ ᠲᠣᠭᠠᠲᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ ᠤᠨ | ᠬᠠᠮᠢᠶᠠᠷᠤᠯᠲᠠ ᠶᠢᠨ ᠵᠥᠪᠯᠡᠯ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ᠄ | ᠣᠳᠣᠬᠠᠨ ᠳᠤ᠂ ᠮᠠᠨ ᠤ ᠬᠤᠰᠢᠭᠤ ᠨᠢᠭᠡᠨᠲᠡ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ | ᠶᠡᠬᠡᠲᠡᠶ ᠬᠤᠭᠤᠴᠠᠭᠠᠨ ᠳᠤ ᠣᠷᠣᠪᠠ᠃ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ | ᠬᠠᠮᠠᠭᠠᠯᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠯᠪᠠᠨ ᠵᠠᠷ 25 ᠳ᠋ᠤᠭᠠᠷ ᠲᠣᠭᠠᠲᠤ︶ ᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ | ᠣᠷᠳᠣᠨ ᠠᠴᠠ 2021 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ 2021 ᠣᠨ ᠤ 6 ᠳ᠋ᠤᠭᠠᠷ | ᠰᠠᠷ᠎ᠠ ᠶᠢᠨ 15 ᠤ ᠡᠳᠦᠷ ᠪᠣᠯᠲᠠᠯ᠎ᠠ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠦᠶ᠋ᠮᠡᠷ ᠢ | ᠰᠡᠷᠭᠡᠶᠢᠯᠡᠬᠦ ᠬᠤᠭᠤᠴᠠᠭᠠᠨ ᠳᠤ ᠣᠷᠣᠭᠤᠯᠬᠤ ᠪᠠᠷ ᠲᠣᠭᠲᠠᠪᠠ᠂ ᠡᠳᠦᠭᠡ ᠭᠠᠯ ᠰᠡᠷᠭᠡᠶᠢᠯᠡᠬᠦ ᠬᠤᠭᠤᠴᠠᠭᠠᠨ ᠳᠤ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠴᠤ ᠮᠡᠳᠡᠬᠦ ᠰᠠᠭᠤᠭᠠᠯᠢ ᠠᠷᠠᠳ ᠤᠨ ᠭᠠᠯ ᠬᠡᠷᠡᠭᠯᠡᠬᠦ ᠪᠠ | ᠬᠡᠭᠡᠷ᠎ᠡ ᠭᠠᠳᠠᠨ᠎ᠠ ᠭᠠᠯ ᠬᠡᠷᠡᠭᠯᠡᠬᠦ ᠤᠴᠢᠷ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ᠄ ᠮᠠᠨ ᠤ ᠬᠤᠰᠢᠭᠤᠨ ᠤ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠣᠶ ᠰᠢᠭᠤᠶ᠂ ᠣᠶ ᠮᠣᠳᠣ᠂ ᠣᠶ ᠮᠣᠳᠣᠨ ᠤ ᠭᠠᠵᠠᠷ ᠪᠣᠯᠤᠨ ᠪᠠᠶᠢᠭᠠᠯᠢ ᠶᠢᠨ | ᠨᠤᠲᠤᠭ ᠪᠡᠯᠴᠢᠭᠡᠷ᠂ ᠲᠠᠷᠢᠮᠠᠯ ᠪᠡᠯᠴᠢᠭᠡᠷ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ᠂ | ᠬᠤᠲᠠ ᠪᠠᠯᠭᠠᠰᠤ ᠶᠢᠨ ᠲᠣᠭᠤᠷᠢᠭ᠂ ᠡᠯ᠎ᠡ ᠬᠦᠷᠢᠶᠡᠯᠡᠩ ᠲᠣᠭᠤᠷᠢᠭ ᠡᠭᠦᠨ ᠳᠤ ᠪᠠᠭᠲᠠᠬᠤ ᠦᠭᠡᠶ᠃ | ᠬᠤᠶᠠᠷ᠂ ᠣᠶ ᠰᠢᠭᠤᠶ ᠨᠤᠲᠤᠭ ᠪᠡᠯᠴᠢᠭᠡᠷ ᠤᠨ ᠭᠠᠯ ᠴᠠᠭᠠᠵᠠᠯᠠᠵᠤ ᠵᠠᠬᠢᠷᠤᠨ ᠬᠠᠮᠢᠶᠠᠷᠬᠤ ᠬᠤᠭᠤᠴᠠᠭᠠᠨ ᠳᠤ | ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ | ᠴᠠᠭᠠᠵᠠᠯᠠᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷ᠎ᠠ | ᠪᠤᠯᠠᠰᠢᠨ ᠳᠤ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠭᠠᠯ ᠰᠢᠲᠠᠭᠠᠬᠤ᠂ | ᠲᠡᠵᠢᠭᠡᠯ ᠡᠪᠡᠰᠦ ᠰᠢᠲᠠᠭᠠᠬᠤ᠂ ᠬᠡᠭᠡᠷ᠎ᠡ ᠬᠤᠭᠤᠯᠠᠯᠠᠬᠤ ᠵᠡᠷᠭᠡ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠣᠶ ᠰᠢᠭᠤᠶ | ᠡᠪᠡᠰᠦᠨ ᠤ ᠵᠠᠬ᠎ᠠ ᠬᠥᠪᠡᠭᠡ᠂ ᠣᠶ ᠰᠢᠭᠤᠢ ︵ᠡᠪᠡᠰᠦ︶ ᠲᠠᠷᠢᠶᠠᠨ ᠭᠠᠨᠵᠷ ᠤᠨ ᠠᠭᠤᠯᠵᠠᠷ ᠬᠡᠰᠡᠭ ᠲᠤ ᠠᠲᠠᠷ | ᠰᠢᠲᠠᠭᠠᠬᠤ᠂ ᠭᠤᠤᠷᠰᠤ ᠰᠢᠲᠠᠭᠠᠬᠤ᠂ ᠬᠤᠭ ᠨᠣᠪᠰᠢ ᠰᠢᠲᠠᠭᠠᠬᠤ ᠵᠡᠷᠭᠡ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠭᠠᠯ ᠤᠨ ᠤᠴᠢ ᠲᠠᠢ ᠦᠯᠡᠳᠡᠭᠰᠡᠨ ᠰᠢᠲᠠᠯᠲᠠ ᠶᠢᠨ ᠪᠣᠳᠠᠰ ᠢ ᠭᠡᠷ ᠤᠨ ᠭᠠᠳᠠᠨ᠎ᠠ ᠠᠰᠬᠠᠬᠤ ᠶᠢ ᠴᠢᠩᠭ᠎ᠠ | ᠴᠠᠭᠠᠵᠠᠯᠠᠨ᠎ᠠ᠃ ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠳᠤ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ | ᠦᠨᠡᠨᠬᠦ ᠴᠢᠬᠤᠯᠠ ᠲᠠᠢ ᠪᠣᠯ ᠡᠷᠬᠡᠪᠰᠢ ᠲᠤᠬᠠᠶ ᠶᠢᠨ ᠭᠠᠵᠠᠷ ᠤᠨ ᠭᠠᠯ ᠰᠡᠷᠭᠡᠶᠢᠯᠡᠬᠦ ︵ᠤᠨᠲᠠᠷᠠᠭᠠᠬᠤ︶ ᠵᠢᠯᠣᠭᠤᠳᠬᠤ | ᠭᠠᠵᠠᠷ ᠢᠶᠠᠷ ᠵᠥᠪᠰᠢᠶᠡᠷᠡᠭᠦᠯᠬᠦ ᠬᠡᠷᠡᠭᠲᠡᠶ᠃ ᠳᠥᠷᠪᠡᠳᠦᠭᠡᠷ ᠳᠡᠰ ᠠᠴᠠ ᠳᠡᠭᠡᠭᠰᠢᠬᠢ ᠰᠠᠯᠬᠢᠨ ᠤ ᠬᠦᠴᠦᠨ ᠤ ᠴᠠᠭ | ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠮᠠᠷᠪᠠ ᠦᠢᠯᠡ ᠠᠵᠢᠯᠯᠠᠭ᠎ᠠ ᠬᠢᠬᠦ ᠶᠢ ᠴᠢᠩᠭ᠎ᠠ | ᠴᠠᠭᠠᠵᠠᠯᠠᠬᠤ ᠬᠡᠷᠡᠭᠲᠡᠶ᠃ | ᠭᠤᠷᠪᠠ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷᠠᠬᠢ ᠡᠯ᠎ᠡ | ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ | ᠴᠢᠭ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ | ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠡᠷᠬᠡᠪᠰᠢ ᠣᠢ ᠰᠢᠭᠤᠶ ᠨᠤᠲᠤᠭ | ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠭᠠᠯ | ᠤᠨᠲᠠᠷᠠᠭᠠᠬᠤ ᠮᠠᠰᠢᠨ ᠪᠠᠭᠠᠵᠢ ᠶᠢ ᠬᠦᠢᠴᠡᠳ ᠲᠣᠬᠢᠷᠠᠭᠤᠯᠵᠤ᠂ ᠪᠣᠯᠪᠠᠰᠤᠷᠠᠭᠤᠯᠤᠯ ᠬᠦᠷᠲᠡᠭᠰᠡᠨ ᠭᠠᠯ ᠤᠨᠲᠠᠷᠠᠭᠠᠬᠤ | ᠠᠩᠭᠢ ᠶᠢᠨ ᠭᠡᠰᠢᠭᠦᠨ ᠢ ᠲᠣᠬᠢᠷᠠᠭᠤᠯᠬᠤ ᠬᠡᠷᠡᠭᠲᠡᠶ᠃ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾ ︵ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 541 | ᠳ᠋ᠤᠭᠡᠷ ᠲᠣᠭᠠᠲᠤ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 542 ᠳ᠋ᠤᠭᠠᠷ ᠲᠣᠭᠠᠲᠤ︶ | ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ | 25 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠶ ᠪᠦᠬᠦᠨ ᠢ ᠴᠥᠮ ᠴᠡᠭᠴᠡᠯᠡᠨ | ᠰᠠᠶᠢᠵᠢᠷᠠᠭᠤᠯᠤᠨ᠎ᠠ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠶ ᠶᠢᠨ ᠣᠷᠴᠢᠨ | ᠲᠣᠭᠤᠷᠢᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠶ ᠨᠤᠲᠤᠭ ᠪᠡᠯᠴᠢᠭᠡᠷ᠂ | ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ | ᠬᠠᠷᠢᠶᠠᠲᠤ ᠣᠷᠣᠨ ᠤ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠷᠠᠮᠳᠤᠭᠰᠠᠨ ᠨᠡᠭᠦᠷᠡᠰᠦᠨ ᠰᠢᠭᠠᠷᠤ᠂ ᠡᠯᠳᠡᠪ | ᠡᠪᠡᠰᠦ ᠵᠡᠷᠭᠡ ᠰᠢᠲᠠᠮᠠᠬᠠᠶ ᠪᠣᠳᠠᠰ ᠢ ᠲᠦᠢᠯᠪᠤᠷᠢᠲᠠᠶ ᠠᠷᠢᠯᠭᠠᠨ᠎ᠠ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠪᠠ ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ | ᠭᠤᠤᠷᠰᠤ ᠰᠢᠲᠠᠭᠠᠬᠤ᠂ ᠡᠰᠢ ᠰᠦᠷᠡᠯ ᠰᠢᠲᠠᠭᠠᠬᠤ᠂ ᠲᠠᠷᠢᠶ᠎ᠠ ︵ᠳᠠᠯᠠᠩ︶ ᠰᠢᠲᠠᠭᠠᠬᠤ᠂ ᠦᠨᠡᠰᠦ ᠪᠠᠷ ᠪᠣᠷᠲᠣᠭᠤᠷ | ᠴᠤᠭᠯᠠᠭᠤᠯᠬᠤ ᠵᠡᠷᠭᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ᠳᠥᠷᠪᠡ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ | ᠲᠦᠷᠢᠶᠡᠰᠦᠨ ᠮᠠᠰᠢᠨ ᠲᠡᠷᠭᠡ᠂ ᠰᠢᠦᠳᠠᠨ᠂ ᠪᠠᠷᠠᠭ᠎ᠠ ᠶᠢᠨ ᠭᠦᠢᠯᠭᠡᠭᠡᠨ᠂ ᠲᠦᠷᠭᠡᠨ ᠬᠦᠷᠭᠡᠬᠦ᠂ ᠨᠡᠭᠦᠷᠡᠰᠦ ᠵᠡᠷᠭᠡ | ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠦᠭᠦᠳ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ | ᠬᠥᠰᠬᠡ ᠳᠤ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠪᠣᠯᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠲᠠᠮᠠᠬᠢᠨ ᠤ ᠡᠰᠢ᠂ ᠭᠠᠯ ᠨᠡᠭᠦᠷᠡᠰᠦ ᠵᠡᠷᠭᠡ ᠭᠠᠯ ᠤᠨ ᠲᠥᠷᠥᠯ ᠢ ᠬᠠᠶᠠᠬᠤ ᠶᠢ ᠴᠢᠩᠭ᠎ᠠ | ᠴᠠᠭᠠᠵᠠᠯᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠪᠣᠭᠤᠳᠠᠯᠯᠠᠭᠰᠠᠨ ᠨᠢ ᠴᠢᠩᠭ᠎ᠠ ᠪᠤᠰᠤ ᠠᠴᠠ ᠪᠣᠯᠵᠤ | ᠨᠡᠭᠦᠷᠡᠰᠦᠨ ᠰᠢᠭᠠᠷᠤ ᠪᠠᠨ ᠠᠭᠤᠷᠬᠠᠶ ᠶᠢᠨ ᠣᠷᠣᠨ ᠠᠴᠠ ᠭᠠᠳᠠᠨᠠᠬᠢ ᠣᠷᠣᠨ ᠳᠤ ᠬᠠᠶᠠᠬᠤ ᠶᠢ ᠴᠢᠩᠭ᠎ᠠ ᠴᠠᠭᠠᠵᠠᠯᠠᠬᠤ | ᠬᠡᠷᠡᠭᠲᠡᠶ᠃ ᠵᠢᠯᠣᠭᠤᠴᠢ᠂ ᠲᠡᠷᠭᠡ ᠳᠠᠭᠠᠬᠤ ᠬᠠᠮᠢᠶᠠᠷᠤᠭᠴᠢ ᠪᠣᠯ ᠭᠠᠯ ᠰᠡᠷᠭᠡᠶᠢᠯᠡᠬᠦ ᠬᠠᠷᠢᠭᠤᠴᠠᠯᠭᠠᠲᠠᠨ᠃ | ᠲᠠᠪᠤ᠂ ᠭᠠᠯ ᠤᠨᠲᠠᠷᠠᠭᠠᠬᠤ ᠡᠯ᠎ᠡ ᠲᠥᠷᠥᠯ ᠤᠨ ᠡᠩᠨᠡᠭᠡ ᠴᠠᠭ ᠢᠮᠠᠭᠲᠠ ᠳᠠᠶᠢᠨ ᠤ ᠪᠡᠯᠡᠳᠬᠡᠯ ᠤᠨ | ᠪᠠᠶᠢᠳᠠᠯ ᠢᠶᠠᠨ ᠪᠠᠲᠤᠯᠠᠵᠤ᠂ ᠭᠠᠯ ᠲᠦᠢᠮᠡᠷ ᠭᠠᠷᠤᠮᠠᠭᠴᠠ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ | ᠤᠬᠠᠭᠠᠨᠴᠢ ᠪᠠᠷ ᠭᠠᠯ ᠤᠨᠲᠠᠷᠠᠭᠠᠵᠤ᠂ ︽ᠡᠷᠲᠡ ᠤᠨᠲᠠᠷᠠᠭᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ᠂ ᠤᠨᠳᠠᠷᠠᠭᠠᠵᠤ | ᠲᠡᠶᠢᠯᠬᠦ︾ ᠶᠢ ᠪᠡᠶᠡᠯᠡᠭᠦᠯᠵᠦ᠂ ᠬᠥᠮᠦᠨ ᠦᠬᠦᠵᠦ ᠰᠢᠷᠬᠠᠲᠤᠬᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ | ᠵᠢᠷᠭᠤᠭ᠎ᠠ᠂ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ᠂ ᠭᠠᠯ ᠰᠡᠷᠭᠡᠶᠢᠯᠡᠬᠦ | ᠪᠠᠶᠢᠴᠠᠭᠠᠯᠲᠠ ᠶᠢ ᠬᠦᠯᠢᠶᠡᠬᠦ ᠦᠭᠡᠶ᠂ ᠭᠠᠯ ᠤᠨ ᠭᠠᠮᠰᠢᠭ ᠤᠨ ᠳᠠᠯᠳᠠ ᠭᠡᠮ ᠢ ᠠᠷᠢᠯᠭᠠᠬᠤ ᠦᠭᠡᠶ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠬᠦ᠂ ᠠᠳᠡᠵᠦ ᠬᠢᠭᠰᠡᠨ | ᠪᠤᠶᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠶᠢ ᠵᠣᠷᠢᠭᠤᠳᠠ ᠡᠭᠦᠰᠭᠡᠭᠰᠡᠨ ᠪᠠᠶᠢᠪᠠᠯ᠂ ︽ | ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾ ᠪᠠ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ | ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ᠃ | ᠳᠣᠯᠤᠭ᠎ᠠ᠂ ᠪᠠᠶᠢᠴᠠᠭᠠᠬᠤ ᠪᠠᠷ ᠳᠠᠮᠵᠢᠭᠠᠳ ᠬᠠᠷᠢᠶ᠎ᠠ ᠣᠷᠣᠨ ᠤ ᠪᠠᠨ ᠳᠣᠲᠣᠷ᠎ᠠ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠶ᠂ ᠭᠠᠯ ᠤᠨ ᠢᠷᠡᠯᠲᠡ ᠶᠢᠨ ᠬᠠᠮᠢᠶᠠᠷᠤᠯᠲᠠ | ᠴᠢᠩᠭ᠎ᠠ ᠪᠤᠰᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠤᠭᠰᠠᠨ ᠦᠭᠡᠶ᠂ ᠭᠠᠯ ᠰᠡᠷᠭᠡᠶᠢᠯᠡᠬᠦ | ᠠᠷᠭ᠎ᠠ ᠬᠡᠮᠵᠢᠶ᠎ᠡ ᠨᠢ ᠬᠦᠴᠦᠨ ᠦᠭᠡᠶ᠂ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠨᠢ ᠬᠦᠴᠦᠨ ᠦᠭᠡᠶ᠂ ᠬᠢᠨᠠᠯᠲᠠ | ᠪᠠᠶᠢᠴᠠᠭᠠᠯᠲᠠ ᠨᠢ ᠪᠣᠳᠠᠲᠠᠶᠢᠵᠢᠭᠠᠳᠤᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ | ᠵᠡᠷᠭᠡ ᠲᠣᠭᠲᠠᠭᠠᠯ ᠶᠣᠰᠣᠭᠠᠷ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ | ᠨᠠᠢᠮᠠ᠂ ᠶᠠᠮᠠᠷᠪᠠ ᠨᠢᠭᠡᠴᠡ ᠪᠠ ᠬᠤᠪᠢ ᠬᠥᠮᠦᠨ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ | ᠪᠠᠶᠢᠳᠠᠯ ᠢ ᠣᠯᠵᠤ ᠮᠡᠳᠡᠪᠡᠯ᠂ ᠪᠠᠶᠢᠭ᠎ᠠ ᠪᠠᠯᠭᠠᠰᠤᠨ ᠤ ᠪᠠᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠵᠢᠯᠣᠭᠤᠳᠬᠤ ᠭᠠᠵᠠᠷ ᠪᠤᠶᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠶᠠᠮᠠᠷᠪᠠ | ᠨᠢᠭᠡᠴᠡ ᠪᠠ ᠬᠤᠪᠢ ᠬᠥᠮᠦᠨ ᠭᠡᠳ ᠲᠥᠯᠥᠪᠦᠷᠢ ᠥᠬᠡᠶ ᠪᠠᠷ ᠲᠦᠭᠰᠢᠭᠦᠷᠢ ᠮᠡᠳᠡᠭᠦᠯᠬᠦ ᠳᠤ ᠲᠥᠬᠦᠮ ᠦᠵᠡᠭᠦᠯᠵᠦ᠂ | ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠮᠡᠳᠡᠭᠡ ᠶᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ | ᠮᠡᠳᠡᠭᠦᠯᠬᠦ᠂ ᠨᠢᠭᠤᠵᠤ ᠮᠡᠳᠡᠭᠦᠯᠬᠦ ᠶᠢ ᠴᠠᠭᠠᠵᠠᠯᠠᠨ᠎ᠠ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠮᠡᠳᠡᠭᠡᠯᠡᠬᠦ ᠤᠲᠠᠰᠤ᠄ 12119 | 0477—8690579 | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 3 ᠳ᠋ᠤᠭᠠᠷ ᠰᠠᠷ᠎ᠠ ᠶᠢᠨ 15 ᠤ ᠡᠳᠦᠷ | | | | | | |