ᠡᠵᠡᠨ ᠵᠠᠰᠠᠭ ᠠᠯᠪᠠᠨ ᠲᠠᠷᠬᠠᠭᠠᠭᠰᠠᠨ ﹇2021﹈ 13 ᠳ᠋ᠤᠭᠠᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄ | ︽ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ | ᠲᠥᠯᠥᠪᠵᠢᠭᠦᠯᠭᠡ ︵2020 ᠣᠨ 2024 ᠣᠨ︶︾ ᠶᠢ ᠬᠤᠰᠢᠭᠤᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠶ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 5 ᠳ᠋ᠤᠭᠠᠷ ᠰᠠᠷ᠎ᠠ ᠶᠢᠨ 10 ᠤ ᠡᠳᠦᠷ | | | ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ | ᠲᠥᠯᠥᠪᠵᠢᠭᠦᠯᠭᠡ ︵2020 ᠤᠨ — 2024 ᠤᠨ︶ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ | ᠪᠣᠯ ︽ᠢᠨᠲ᠋ᠧᠷᠨᠧᠲ ᠰᠦᠯᠵᠢᠶ᠎ᠡ +︾ ᠶᠢᠨ ᠴᠠᠭ ᠦᠶ᠎ᠡ ᠶᠢᠨ ᠴᠢᠬᠤᠯᠠ ᠶᠡᠭᠡ ᠬᠥᠭᠵᠢᠯᠲᠡ ᠶᠢᠨ ᠠᠷᠭ᠎ᠠ ᠬᠡᠮᠵᠢᠶ᠎ᠡ | ᠮᠥᠨ᠂ ᠣᠷᠣᠨ ᠪᠦᠰᠡ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠬᠦ᠂ ᠪᠦᠬᠦ | ᠬᠤᠰᠢᠭᠤᠨ ᠤ ᠦᠢᠯᠡᠰ ᠪᠣᠰᠬᠠᠬᠤ᠂ ᠰᠢᠨ᠎ᠡ ᠶᠢ ᠡᠭᠦᠳᠬᠦ ᠶᠢ ᠠᠬᠢᠭᠤᠯᠬᠤ ᠰᠢᠨ᠎ᠡ ᠠᠷᠭ᠎ᠠ ᠵᠠᠮ ᠮᠥᠨ᠂ ᠮᠥᠨᠴᠦ | ᠪᠦᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠳᠠᠪᠠᠭᠤᠯᠢᠭ ᠢ ᠳᠠᠬᠢᠨ ᠪᠤᠢ ᠪᠣᠯᠭᠠᠵᠤ᠂ ᠭᠢᠯᠠᠰ ᠴᠢᠭ ᠢ ᠳᠠᠬᠢᠨ | ᠢᠯᠡᠷᠡᠭᠦᠯᠬᠦ ᠰᠢᠨ᠎ᠡ ᠲᠣᠬᠢᠶᠠᠯ ᠮᠥᠨ᠃ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠬᠤᠰᠢᠭᠤᠨ ᠤ ᠬᠡᠪᠴᠢᠶᠡᠨ ᠤ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ | ᠬᠦᠴᠦᠨ ᠢ ᠴᠢᠩᠭᠠᠷᠠᠭᠤᠯᠬᠤ ᠶᠢᠨ ᠲᠥᠯᠥᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠲᠠᠪᠤᠨ ᠵᠢᠯ | ᠣᠷᠴᠢᠮ ᠤᠨ ᠬᠤᠭᠤᠴᠠᠭᠠᠨ ᠳᠤ ᠪᠥᠬᠦ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ | ᠦᠵᠡᠭᠦᠯᠬᠦ ᠬᠤᠰᠢᠭᠤ ᠶᠢ ᠪᠠᠶᠢᠭᠤᠯᠬᠤ ᠪᠠᠷ ᠲᠣᠭᠲᠠᠪᠠ᠃ ᠡᠵᠡᠨ ᠬᠤᠷᠤᠭ᠎ᠠ ᠬᠤᠰᠢᠭᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠣᠰ ᠲᠥᠯᠥᠪᠵᠢᠭᠦᠯᠭᠡ ᠶᠢ ᠣᠨᠴᠠᠭᠠᠶᠢᠯᠠᠨ ᠲᠣᠭᠲᠠᠭᠠᠪᠠ᠂ ᠲᠥᠯᠥᠪᠵᠢᠭᠦᠯᠭᠡ ᠶᠢᠨ | ᠬᠤᠭᠤᠴᠠᠭ᠎ᠠ ᠨᠢ 2020 ᠤᠨ ᠠᠴᠠ 2024 ᠤᠨ ᠪᠣᠯᠤᠨ᠎ᠠ᠃ | ᠨᠢᠭᠡ᠂ ᠬᠥᠭᠵᠢᠯᠲᠡ ᠶᠢᠨ ᠣᠳᠣᠬᠢ ᠪᠠᠶᠢᠳᠠᠯ | ︵ᠨᠢᠭᠡ︶ ᠰᠢᠨ᠎ᠡ ᠴᠠᠭ ᠦᠶ᠎ᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠥᠷᠨᠢᠨ ᠬᠥᠭᠵᠢᠬᠦ | ᠬᠤᠭᠤᠴᠠᠭᠠᠨ ᠳᠤ ᠣᠷᠣᠪᠠ᠃ 2014 ᠣᠨ ᠠᠴᠠ ᠨᠠᠰᠢ᠂ ᠤᠯᠤᠰ ᠠᠴᠠ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠤᠯᠪᠣᠭᠳᠠᠯ ᠪᠥᠬᠦᠶ ᠣᠯᠠᠨ ᠵᠦᠢᠯ ᠤᠨ ᠠᠰᠢᠭᠲᠠᠶ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ | ᠨᠡᠶᠢᠲᠡᠯᠡᠵᠦ᠂ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠤᠨ ᠵᠢᠷᠤᠮᠵᠢᠭᠤᠯᠵᠤ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ᠂ ᠢᠨᠲ᠋ᠧᠷ ᠰᠦᠯᠵᠢᠶ᠎ᠡ + ᠵᠡᠷᠭᠡ | ᠡᠯᠧᠺᠲᠷᠣᠨ ᠬᠤᠳᠠᠯᠳᠤᠭᠠᠨ ᠤ ᠣᠯᠠᠨ ᠬᠦᠷᠢᠶᠡᠨ ᠳᠤ ᠨᠡᠯᠢᠶᠡᠳ ᠲᠦᠷᠭᠡᠨ ᠨᠡᠮᠡᠭᠳᠡᠯ ᠤᠨ ᠬᠤᠷᠳᠤᠴᠠ ᠶᠢ ᠪᠠᠲᠤᠯᠠᠪᠠ | ᠃ 2019 ᠣᠨ ᠳᠤ᠂ ᠪᠥᠬᠦ ᠬᠤᠲᠠ ᠶᠢᠨ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 25. 8 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26. 1% ᠪᠠᠷ ᠨᠡᠮᠡᠭᠳᠡᠵᠦ᠂ ᠪᠥᠬᠦ | ᠣᠷᠣᠨ ᠤ 12 ᠠᠶᠢᠮᠠᠭ ᠬᠤᠲᠠ ᠳᠤ ᠭᠤᠷᠪᠠᠳᠤᠭᠠᠷ ᠲᠤ ᠣᠷᠣᠵᠤ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ | ᠬᠡᠮᠵᠢᠶ᠎ᠡ 6769 ᠲᠦᠮᠡᠨ ᠬᠤᠪᠢ ᠳᠤ ᠬᠦᠷᠴᠦ᠂ ᠪᠥᠬᠦ ᠬᠤᠲᠠ ᠶᠢᠨ ᠬᠥᠭᠵᠢᠶᠡᠨᠲᠡᠶ ᠰᠦᠯᠵᠢᠶᠡᠨ ᠤ ᠳᠡᠯᠭᠡᠭᠦᠷ | 9080 ᠪᠠᠶᠢᠵᠤ᠂ 10400 ᠭᠠᠷᠤᠶ ᠬᠥᠮᠦᠨ ᠤ ᠠᠵᠢᠯ ᠣᠯᠭᠤᠯᠲᠠ ᠶᠢ ᠰᠢᠭᠤᠳ ᠳᠠᠶᠢᠴᠢᠯᠠᠪᠠ᠃ ᠮᠠᠨ ᠤ | ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠬᠡᠳᠦ᠋ᠢᠪᠡᠷ ᠡᠬᠢᠯᠡᠯᠲᠡ ᠶᠢᠨ ᠪᠠ | ᠳᠡᠭᠡᠭᠰᠢᠯᠡᠬᠦ ᠬᠤᠭᠤᠴᠠᠭᠠᠨ ᠳᠤ ᠣᠷᠣᠰᠢᠵᠤ ᠪᠠᠶᠢᠭ᠎ᠠ ᠪᠣᠯᠪᠠᠴᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠡᠷᠡᠭᠯᠡᠭᠡᠨ ᠤ ᠬᠠᠮᠤᠷᠬᠤ ᠬᠡᠪᠴᠢᠶ᠎ᠡ ᠪᠠ ᠨᠡᠪᠴᠢᠯᠲᠡ ᠶᠢᠨ ᠨᠣᠷᠮ᠎ᠠ ᠲᠣᠭᠲᠠᠭᠤᠨ ᠢᠶᠠᠷ ᠳᠡᠭᠡᠭᠰᠢᠯᠡᠵᠦ᠂ ᠠᠵᠤ | ᠠᠬᠤᠶᠢᠯᠠᠯ ᠤᠨ ᠬᠤᠭᠤᠷᠣᠨᠳᠣ᠂ ᠠᠵᠤ ᠠᠬᠤᠶᠢᠯᠠᠯ ᠬᠢᠭᠡᠳ ᠬᠤᠪᠢ ᠬᠥᠮᠦᠨ ᠤ ᠬᠤᠭᠤᠷᠣᠨᠳᠣ᠂ ᠬᠤᠪᠢ ᠬᠥᠮᠦᠨ | ᠬᠢᠭᠡᠳ ᠵᠠᠬ᠎ᠠ ᠳᠡᠯᠭᠡᠭᠦᠷ ᠤᠨ ᠬᠤᠭᠤᠷᠣᠨᠳᠣᠬᠢ ᠰᠦᠯᠵᠢᠶ᠎ᠡ ᠪᠠᠷ ᠬᠤᠳᠠᠯᠳᠤᠨ ᠠᠪᠬᠤ ᠶᠠᠪᠤᠳᠠᠯ ᠶᠠᠪᠤᠬᠤ ᠲᠤᠲᠤᠮ | ᠬᠥᠭᠵᠢᠶᠡᠨ ᠲᠠᠢ ᠪᠣᠯᠵᠣ᠂ ᠡᠵᠡᠨ ᠬᠤᠷᠤᠭ᠎ᠠ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠥᠷᠭᠡᠨ | ᠠᠭᠤᠳᠠᠮ ᠣᠷᠣᠨ ᠵᠠᠶ ᠪᠠ ᠰᠠᠶᠢᠨ ᠰᠠᠶᠢᠬᠠᠨ ᠠᠵᠠ ᠲᠣᠬᠢᠶᠠᠯ ᠬᠠᠩᠭᠠᠭᠰᠠᠨ ᠪᠠᠶᠢᠨ᠎ᠠ᠃ | ︵ᠬᠤᠶᠠᠷ︶ ᠤᠯᠠᠮᠵᠢᠯᠠᠯᠲᠤ ᠠᠵᠤ ᠠᠬᠤᠶᠢᠯᠠᠯ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠵᠡᠷᠭᠡ ᠪᠠᠷ | ᠶᠠᠪᠤᠭᠤᠯᠬᠤ ᠦᠷ᠎ᠡ ᠪᠦᠲᠦᠮᠵᠢ ᠢᠯᠡᠳᠲᠡ ᠪᠣᠯᠪᠠ᠃ ᠤᠯᠠᠮᠵᠢᠯᠠᠯᠲᠤ ᠦᠢᠯᠡᠳᠬᠦ ᠦᠢᠯᠡᠰ᠂ ᠳᠠᠷᠢᠵᠤ ᠲᠡᠵᠢᠭᠡᠬᠦ | ᠠᠵᠤ ᠠᠬᠤᠶᠢᠯᠠᠯ᠂ ᠲᠤᠰᠬᠠᠶ ᠬᠤᠷᠰᠢᠶᠠᠵᠢᠯ ᠵᠠᠯᠭᠠᠭ᠎ᠠ ᠪᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠢ ᠵᠡᠷᠭᠡᠪᠡᠷ | ᠡᠬᠢᠯᠡᠭᠦᠯᠵᠦ᠂ ᠢᠯᠡᠳᠲᠡ ᠦᠷ᠎ᠡ ᠪᠦᠲᠦᠮᠵᠢ ᠣᠯᠵᠤ᠂ ᠥᠪᠥᠷ ᠮᠣᠩᠭᠤᠯ ᠤᠨ ᠢ ᠨᠸᠡᠭ ᠲᠦᠩ ᠡᠨᠧᠷᠭᠢ ᠶᠢᠨ | ᠬᠢᠵᠠᠭᠠᠷᠲᠤ ᠺᠣᠮᠫᠠᠨᠢ᠂ ᠭᠦᠸᠧ ᠨᠸᠡᠭ ᠬᠠᠷᠢᠯᠴᠠᠨ ᠨᠡᠪᠲᠡᠷᠡᠬᠦ ᠥᠪᠥᠷ ᠮᠣᠩᠭᠤᠯ ᠤᠨ ᠰᠦᠯᠵᠢᠶᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠶᠦᠨ ᠳ᠋ᠦᠩ ᠠᠮᠢ ᠠᠬᠤᠶ ᠶᠢᠨ ᠠᠵᠤ | ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠵᠡᠷᠭᠡ ᠨᠢ ᠨᠢᠭᠡᠨᠲᠡ ᠡᠵᠡᠨ ᠬᠤᠷᠤᠭ᠎ᠠ ᠬᠤᠰᠢᠭᠤ ᠴᠢᠨᠠᠭᠰᠢᠯᠠᠪᠠᠯ | ᠣᠷᠳᠣᠰ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠲᠥᠴᠢ ᠠᠵᠤ ᠠᠬᠤᠶᠢᠯᠠᠯ ᠪᠠ ᠤᠯᠠᠮᠵᠢᠯᠠᠯᠲᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠪ ᠳᠠᠭᠤᠷᠢᠶᠠᠯ | ᠪᠣᠯᠤᠭᠰᠠᠨ ᠪᠠᠶᠢᠨ᠎ᠠ᠃ | ︵ᠭᠤᠷᠪᠠ︶ ᠡᠯᠧᠺᠲᠷᠣᠨ ᠬᠤᠳᠠᠯᠳᠤᠭᠠᠨ ᠤ ᠶᠠᠪᠤᠳᠠᠯ ᠳᠤ ᠦᠢᠯᠡᠴᠢᠯᠡᠬᠦ ᠴᠢᠳᠠᠪᠤᠷᠢ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠬᠦ ᠶᠢᠨ ᠲᠥᠯᠥᠭᠡ᠂ 2020 ᠣᠨ ᠳᠤ | 1000 ᠲᠦᠮᠡ ᠰᠢᠬᠠᠮ ᠲᠥᠭᠦᠷᠢᠭ ᠤᠨ ᠪᠠᠯᠠ ᠣᠷᠣᠭᠤᠯᠵᠤ᠂ ᠠᠯᠲᠠᠨᠰᠢᠷᠡᠭᠡ ᠪᠠᠯᠭᠠᠰᠤᠨ ᠳᠤ 2000 ᠲᠡᠭᠰᠢ | ᠳᠥᠷᠪᠡᠯᠵᠢᠨ ᠮᠧᠲᠷ ᠭᠠᠵᠠᠷ ᠡᠵᠡᠯᠡᠭᠰᠡᠨ ᠬᠤᠰᠢᠭᠤ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠲᠥᠪ ᠢ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠢ ᠵᠣᠬᠢᠴᠠᠭᠤᠯᠬᠤ | ᠂ ᠦᠢᠯᠡᠴᠢᠯᠡᠬᠦ᠂ ᠪᠣᠯᠪᠠᠰᠤᠷᠠᠭᠤᠯᠬᠤ᠂ ᠵᠥᠪᠳᠡᠯᠴᠡᠬᠦ ᠳᠤ ᠬᠡᠷᠡᠭᠯᠡᠭᠰᠡᠨ ᠪᠥᠭᠡᠳ ᠬᠤᠨᠢᠴᠢᠨᠭᠤᠤᠯ ᠪᠠᠯᠭᠠᠰᠤ᠂ ᠵᠠᠰᠠᠭ | ᠪᠠᠯᠭᠠᠰᠤ᠂ ᠡᠵᠡᠨ ᠬᠤᠷᠤᠭ᠎ᠠ ᠪᠠᠯᠭᠠᠰᠤ ᠵᠡᠷᠭᠡ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢ 7 ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠠᠵᠢᠯ ᠢ ᠤᠷᠢᠳ ᠢᠶᠠᠷ ᠲᠤᠷᠰᠢᠨ ᠥᠷᠨᠢᠭᠦᠯᠦᠭᠰᠡᠨ ᠪᠥᠭᠡᠳ ᠢᠯᠡᠳᠲᠡ ᠦᠷ᠎ᠡ ᠪᠦᠲᠦᠮᠵᠢ ᠤᠯᠪᠠ | ᠃ | ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠥᠬᠦ ᠬᠤᠰᠢᠭᠤᠨ ᠤ ᠮᠡᠳᠡᠭᠡ ᠵᠠᠩᠭᠢᠴᠢᠯᠠᠯᠲᠠ ᠶᠢᠨ ᠰᠠᠭᠤᠷᠢ | ᠲᠦᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠂ 4 G ᠰᠠᠭᠤᠷᠢ ᠥᠷᠲᠡᠭᠡ | 416 ᠶᠢ ᠨᠡᠪᠲᠡᠷᠡᠭᠦᠯᠵᠦ᠂ ᠬᠤᠲᠠ ᠲᠣᠭᠤᠷᠢᠭ ᠪᠠ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ 4 G | ᠲᠤᠤᠷ ᠰᠦᠯᠵᠢᠶᠡᠨ ᠤ ᠪᠦᠷᠬᠦᠴᠡ ᠶᠢᠨ ᠨᠣᠷᠮ᠎ᠠ ᠨᠢᠭᠡᠨᠲᠡ 90 % ᠳᠤ ᠬᠦᠷᠴᠦ᠂ ᠪᠦᠷᠬᠦᠭᠦᠯᠦᠭᠰᠡᠨ ᠦᠬᠡᠢ | ᠰᠢᠶᠠᠩ ᠪᠠᠯᠭᠠᠰᠤ ᠶᠢ 2 — 3 ᠵᠢᠯ ᠳᠤ ᠪᠦᠬᠦᠨ ᠢ ᠪᠦᠷᠬᠦᠬᠦᠯᠪᠡ︔ 2019 ᠣᠨ ᠤ ᠡᠴᠦᠰ ᠪᠣᠯᠲᠠᠯ᠎ᠠ᠂ ᠪᠥᠬᠦ | ᠬᠤᠰᠢᠭᠤᠨ ᠳᠤ ᠥᠷᠭᠡᠨ ᠪᠦᠰᠡᠲᠦ ᠢᠨᠲ᠋ᠧᠷ ᠰᠦᠯᠵᠢᠶᠡᠨ ᠤ ᠬᠡᠷᠡᠭᠯᠡᠭᠴᠢ 1. 69 ᠡᠷᠦᠬᠡ ᠪᠠᠶᠢᠵᠤ᠂ ᠥᠷᠭᠡᠨ | ᠪᠦᠰᠡᠲᠦ ᠢᠨᠲ᠋ᠧᠷ ᠰᠦᠯᠵᠢᠶ᠎ᠡ ᠶᠢ ᠨᠢᠭᠡᠨᠲᠡ 116 ᠵᠠᠰᠠᠭ ᠵᠠᠬᠢᠷᠭᠠᠨ ᠤ ᠲᠣᠰᠬᠤᠨ ᠳᠤ ᠵᠠᠯᠭᠠᠪᠠ᠃ | 2006 ᠣᠨ ᠠᠴᠠ ᠨᠠᠰᠢ᠂ ᠮᠠᠰᠢ ᠣᠯᠠᠨ ᠲᠦᠷᠭᠡᠨ ᠬᠦᠷᠭᠡᠯᠲᠡ ᠶᠢᠨ ᠣᠷᠣᠯᠠᠨ ᠬᠦᠢᠴᠡᠳᠭᠡᠭᠴᠢ ᠵᠢᠴᠢ | ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠵᠠᠯᠭᠠᠭ᠎ᠠ ᠪᠠᠷ ᠪᠥᠬᠦ ᠬᠤᠰᠢᠭᠤᠨ ᠳᠤ ᠨᠤᠲᠤᠭᠰᠢᠵᠤ᠂ ᠭᠤᠤᠯᠳᠠᠭᠤ | ᠰᠢᠤᠳᠠᠨ ᠤ EMS᠂ ᠱᠦᠨ ᠹᠸᠡᠭ᠂ ᠶᠤᠸᠠᠨ ᠲᠦᠩ᠂ ᠱᠤᠨ ᠲᠦᠩ᠂ ᠵᠥᠩ ᠲᠦᠩ᠂ ᠶᠦᠨ ᠳ᠋ᠠ᠂ | ᠲᠦᠷᠭᠡᠨ ᠬᠦᠷᠭᠡᠯᠲᠡ ᠵᠡᠷᠭᠡ ᠦᠢᠯᠡᠴᠢᠯᠡᠭᠡᠨ ᠤ ᠠᠵᠤ ᠠᠬᠤᠶᠢᠯᠠᠯ ᠪᠠᠶᠢᠵᠤ᠂ ᠡᠵᠡᠨ ᠬᠤᠷᠤᠭ᠎ᠠ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢ ᠪᠦᠷᠢᠮᠦᠰᠦᠨ ᠬᠠᠩᠭᠠᠵᠤ ᠴᠢᠳᠠᠬᠤ ᠪᠣᠯᠵᠠᠶ᠃ ᠡᠭᠦᠨ ᠠᠴᠠ ᠭᠠᠳᠠᠨ᠎ᠠ᠂ ᠪᠥᠬᠦ ᠬᠤᠰᠢᠭᠤᠨ ᠤ ᠣᠲᠣ | ᠦᠶ᠎ᠡ ᠶᠢᠨ ᠪᠠᠷᠠᠭᠠᠨ ᠤ ᠬᠦᠢᠯᠭᠡᠭᠡ᠂ ᠮᠥᠩᠭᠦᠨ ᠬᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠪᠠᠷ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠲᠤᠯᠭᠠᠭᠤᠷᠢᠯᠠᠬᠤ ᠦᠢᠯᠡᠴᠢᠯᠡᠭᠡᠨ ᠤ ᠬᠢᠷᠢ ᠲᠦᠪᠰᠢᠨ ᠢ ᠲᠦᠷᠭᠡᠳᠬᠡᠨ | ᠳᠡᠭᠡᠭᠰᠢᠯᠡᠭᠦᠯᠵᠦ᠂ ᠪᠥᠬᠦ ᠤᠯᠤᠰ ᠤᠨ ᠡᠯ᠎ᠡ ᠲᠣᠮᠣ ᠪᠠᠷᠠᠭᠠᠨ ᠤ ᠬᠦᠢᠯᠭᠡᠭᠡᠨ ᠤ ᠺᠣᠮᠫᠠᠨᠢ ᠶᠢᠨ ᠦᠢᠯᠡᠴᠢᠯᠡᠭᠡᠨ ᠤ | ᠴᠡᠭ ᠢ ᠲᠥᠪᠯᠡᠷᠡᠭᠦᠯᠦᠭᠰᠡᠨ ᠪᠠᠶᠢᠨ᠎ᠠ᠃ | ᠬᠤᠶᠠᠷ᠂ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠵᠢᠴᠢ ᠭᠤᠣᠯ ᠬᠠᠷᠠᠯᠲᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠠᠵᠤ | ᠦᠶ᠋ᠯᠡᠰ ᠤᠨ ᠬᠥᠭᠵᠢᠯᠲᠡ ᠶᠢᠨ ᠰᠡᠳᠬᠢᠴᠡ ᠪᠠᠷ ᠵᠢᠯᠣᠭᠤᠳᠣᠯᠭ᠎ᠠ ᠪᠣᠯᠭᠠᠨ᠂ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ | ᠳᠣᠭᠢᠷᠠᠭᠤᠯᠬᠤ ᠪᠠᠷ ᠤᠳᠤᠷᠢᠳᠤᠮᠵᠢ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ᠬᠥᠳᠡᠯᠭᠡᠬᠦ | ᠬᠦᠴᠦᠨ ᠪᠣᠯᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠪᠣᠳᠠᠲᠤ ᠴᠣᠭᠴᠠᠲᠤ ᠠᠵᠤ ᠠᠬᠤᠶ ᠶᠢᠨ | ᠣᠷᠭᠠᠨᠢᠭ ᠢᠶᠠᠷ ᠠᠭᠤᠰᠤᠯᠴᠠᠬᠤ ᠶᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠵᠠᠰᠠᠭ ᠤᠨ ᠣᠷᠳᠣᠨ | ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ᠂ ᠲᠥᠪᠯᠡᠷᠡᠭᠦᠯᠦᠨ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠤᠵᠢᠭᠤ ᠬᠥᠭᠵᠢᠭᠰᠡᠨ ᠪᠠ ᠬᠥᠭᠡᠭᠡᠵᠦ ᠬᠦᠢᠴᠡᠨ ᠳᠠᠪᠠᠭ᠋ᠤ᠂ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠦᠨ | ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ ᠳᠡᠯᠭᠡᠭᠦᠷ ᠢ ᠥᠷᠭᠡᠳᠬᠡᠬᠦ᠂ | ᠪᠣᠷᠣᠯᠠᠭᠤᠯᠭ᠎ᠠ ᠶᠢ ᠠᠬᠢᠭᠤᠯᠬᠤ᠂ ᠠᠵᠢᠯ ᠣᠯᠭᠤᠯᠲᠠ ᠶᠢ ᠳᠠᠶᠢᠴᠢᠯᠠᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ ᠶᠢᠨ | ᠴᠢᠬᠤᠯᠠ ᠦᠢᠯᠡᠳᠦᠯ ᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠣᠬᠢᠴᠠᠭᠤᠯᠤᠨ ᠠᠬᠢᠭᠤᠯᠬᠤ ᠬᠡᠷᠡᠭᠲᠡᠶ᠃ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠨᠢᠭᠡᠳᠦᠯᠲᠡᠶ ᠲᠥᠯᠥᠪᠵᠢᠭᠦᠯᠬᠦ᠂ ᠵᠣᠬᠢᠶᠠᠨ ᠪᠠᠶᠢᠭᠤᠯᠤᠨ | ᠵᠣᠬᠢᠴᠠᠭᠤᠯᠬᠤ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ | ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠲᠤᠯᠭᠠᠭᠤᠷᠢᠯᠠᠬᠤ ᠲᠥᠬᠦᠷ ᠰᠢᠰᠲ᠋ᠧᠮᠵᠢ ᠶᠢᠨ ᠲᠦᠷᠭᠡᠨ ᠬᠥᠭᠵᠢᠬᠦ ᠶᠢ | ᠠᠬᠢᠭᠤᠯᠤᠨ᠎ᠠ᠃ | ᠵᠠᠬ᠎ᠠ ᠳᠡᠯᠭᠡᠭᠦᠷ ᠢᠶᠠᠷ ᠭᠤᠤᠯᠯᠠᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠠᠵᠤ | ᠠᠬᠤᠶᠢᠯᠠᠯ ᠢᠶᠠᠷ ᠭᠤᠤᠯ ᠴᠣᠭᠴᠠ ᠪᠣᠯᠭᠠᠵᠤ᠂ ᠡᠵᠡᠨ ᠬᠤᠷᠤᠭ᠎ᠠ ᠬᠤᠰᠢᠭᠤᠨ ᠤ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠪᠠ ᠳᠠᠪᠠᠭᠤᠯᠢᠭ ᠠᠵᠤ ᠦᠢᠯᠡᠰ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠪᠣᠳᠠᠲᠤ ᠴᠣᠭᠴᠠ ᠶᠢᠨ | ᠠᠵᠤ ᠠᠬᠤᠶ ᠬᠢᠭᠡᠳ ᠲᠤᠤᠷ ᠰᠦᠯᠵᠢᠶᠡᠨ ᠤ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡ ᠶᠢ ᠪᠣᠶ ᠪᠣᠯᠭᠠᠨ᠎ᠠ᠃ | ᠵᠢᠱᠢᠶ᠎ᠡ ᠦᠵᠡᠭᠦᠯᠦᠨ ᠳᠠᠶᠢᠴᠢᠯᠠᠵᠤ᠂ ᠭᠤᠤᠯᠳᠠᠯᠭ᠎ᠠ ᠶᠢ ᠳᠣᠪᠤᠶᠢᠯᠭᠠᠬᠤ᠃ ᠵᠢᠱᠢᠶ᠎ᠡ ᠦᠵᠡᠭᠦᠯᠬᠦ ᠠᠵᠤ | ᠠᠬᠤᠶᠢᠯᠠᠯ ᠢᠶᠠᠷ ᠡᠯ᠎ᠡ ᠠᠵᠢᠯ ᠲᠥᠷᠥᠯ ᠢ ᠳᠠᠶᠢᠴᠢᠯᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠥᠷᠨᠢᠭᠦᠯᠵᠦ᠂ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ | ᠦᠢᠯᠡᠰ ᠤᠨ ᠴᠤᠭᠯᠠᠷᠠᠯ ᠢ ᠳᠠᠶᠢᠴᠢᠯᠠᠨ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠤ | ᠦᠢᠯᠡᠰ ᠤᠨ ᠲᠣᠭᠤᠷᠢᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠤᠯᠠᠮᠵᠢᠯᠠᠯᠲᠤ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ | ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ︵ᠭᠤᠷᠪᠠ︶ ᠭᠤᠣᠯ ᠬᠠᠷᠠᠯᠲᠠ | ᠬᠥᠭᠵᠢᠯᠲᠡ ᠶᠢᠨ ᠭᠤᠤᠯᠳᠠᠯᠭ᠎ᠠ᠄ ᠡᠵᠡᠨ ᠬᠤᠷᠤᠭ᠎ᠠ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠢ | ᠪᠠᠳᠠᠷᠠᠭᠤᠯᠵᠤ᠂ ᠲᠠᠪᠤᠨ ᠵᠢᠯ ᠤᠨ ᠳᠣᠲᠣᠷ᠎ᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠯᠲᠡ ᠶᠢ ᠨᠠᠩ | ᠥᠷᠭᠡᠨ ᠳᠡᠯᠭᠡᠷ᠂ ᠪᠠᠲᠤᠯᠠᠭ᠎ᠠ ᠶᠢᠨ ᠰᠢᠰᠲ᠋ᠧᠮᠵᠢ ᠶᠢ ᠨᠠᠩ ᠪᠦᠷᠢᠨ ᠲᠡᠭᠦᠯᠳᠡᠷ᠂ ᠲᠥᠬᠦᠷ ᠦᠢᠯᠡᠴᠢᠯᠡᠭᠡ ᠶᠢ ᠨᠠᠩ | ᠪᠦᠷᠢᠨ ᠲᠡᠭᠦᠯᠳᠡᠷ᠂ ᠠᠵᠤ ᠦᠢᠯᠡᠰ ᠤᠨ ᠬᠥᠭᠵᠢᠯᠲᠡ ᠶᠢ ᠨᠠᠩ ᠲᠥᠪᠯᠡᠷᠡᠭᠰᠡᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ | ᠬᠥᠭᠵᠢᠯᠲᠡ ᠶᠢᠨ ᠬᠠᠷᠠᠯᠲᠠ᠄ 2024 ᠤᠨ ᠪᠣᠯᠬᠤ ᠳᠤ᠂ ᠪᠥᠬᠦ ᠬᠤᠰᠢᠭᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠮᠵᠢᠶ᠎ᠡ ᠶᠢ 35 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠳᠠᠬᠢ ᠰᠦᠯᠵᠢᠶᠡᠨ ᠤ | ᠵᠢᠵᠢᠭᠯᠡᠨ ᠬᠤᠳᠠᠯᠳᠤᠭᠰᠠᠨ ᠲᠤᠭ᠎ᠠ ᠶᠢᠨ ᠡᠵᠡᠯᠡᠬᠦ ᠬᠠᠷᠢᠴᠠᠯ ᠢ 25 % ᠠᠴᠠ ᠳᠠᠪᠠᠭᠤᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠢᠯᠯᠠᠭᠰᠠᠳ ᠢ 20000 ᠪᠣᠯᠭᠠᠵᠤ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ ᠠᠵᠤ | ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭ᠎ᠠ ᠶᠢᠨ ᠬᠦᠢᠯᠭᠡᠭᠡᠨ ᠤ ᠲᠤᠬᠢᠷᠠᠭᠤᠯᠤᠨ ᠬᠦᠷᠭᠡᠬᠦ | ᠰᠢᠰᠲ᠋ᠧᠮᠵᠢ ᠶᠢ ᠪᠦᠷᠢᠨ ᠪᠣᠯᠭᠠᠨ᠎ᠠ᠃ ᠲᠦᠷᠭᠡᠨ ᠬᠦᠷᠭᠡᠯᠲᠡ ᠶᠢ ᠰᠢᠶᠠᠩ ᠪᠠᠯᠭᠠᠰᠤ᠂ ᠲᠣᠰᠬᠤᠨ ᠳᠤᠭᠤᠶᠢᠯᠠᠩ ᠳᠤ | ᠬᠦᠷᠭᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠲᠤᠬᠢᠷᠠᠭᠤᠯᠤᠨ ᠬᠦᠷᠭᠡᠬᠦ ᠴᠢᠳᠠᠪᠤᠷᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠂ ᠪᠦᠬᠦᠨ ᠢ ᠪᠦᠷᠬᠦᠬᠦᠯᠬᠦ ᠶᠢ ᠪᠡᠶᠡᠯᠡᠭᠦᠯᠬᠦ ᠶᠢᠨ ᠬᠠᠮᠲᠤ ᠪᠠᠷᠠᠭ᠎ᠠ ᠶᠢᠨ ᠬᠦᠢᠯᠭᠡᠭᠡᠨ ᠤ | ᠥᠪᠡᠷ ᠤᠨ ᠥᠷᠲᠡᠭ ᠢ ᠵᠦᠶ ᠵᠣᠬᠢᠰᠲᠠᠶ ᠪᠠᠭᠤᠷᠠᠭᠤᠯᠵᠤ᠂ ᠭᠦᠶ᠋ᠯᠭᠡᠭᠡᠨ ᠤ ᠦᠷ᠎ᠡ ᠪᠦᠲᠦᠮᠵᠢ ᠶᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ᠃ | ᠭᠤᠷᠪᠠ᠂ ᠠᠵᠢᠯ ᠤᠨ ᠭᠤᠣᠯᠳᠠᠯᠭ᠎ᠠ ᠬᠢᠭᠡᠳ ᠪᠣᠳᠠᠲᠠᠶ ᠬᠢᠬᠦ ᠠᠷᠭ᠎ᠠ | ︵ᠨᠢᠭᠡ︶ ᠦᠢᠯᠡᠴᠢᠯᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠬᠥᠭᠵᠢᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠦᠨ᠎ᠡ | 1᠂ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ ᠢ ᠪᠥᠲᠥᠭᠡᠨ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ | ᠦᠢᠯᠡᠰ ᠴᠣᠭᠴᠠᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠢᠭᠡ ᠪᠦᠯᠦᠭ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ ᠦᠶ᠋ᠯᠡᠰ ᠴᠣᠭᠴᠠᠯᠠᠬᠤ ᠪᠦᠯᠬᠦᠮ ᠨᠡᠶᠢᠲᠡ᠂ ᠤᠯᠤᠰ ᠠᠴᠠ | ᠳᠣᠲᠣᠭᠠᠳᠤ ᠭᠠᠳᠠᠭᠠᠳᠤ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠪᠠ | ᠲᠥᠬᠦᠷᠵᠢᠭᠦᠯᠦᠭᠰᠡᠨ ᠦᠶ᠋ᠯᠡᠴᠢᠯᠡᠭᠡᠨ ᠤ ᠠᠵᠤ ᠠᠬᠤᠶᠢᠯᠠᠯ ᠤᠨ ᠣᠷᠣᠵᠤ ᠰᠠᠭᠤᠬᠤ ᠶᠢ ᠵᠣᠷᠢᠭᠵᠢᠭᠤᠯᠵᠤ᠂ | ᠲᠠᠸᠠᠷ ᠤᠨ ᠠᠷᠠᠯᠵᠢᠶ᠎ᠠ᠂ ᠲᠠᠪᠴᠠᠩ ᠤᠨ ᠪᠠᠶᠢᠭᠤᠯᠤᠯᠲᠠ᠂ ᠪᠠᠷᠠᠭ᠎ᠠ ᠶᠢᠨ ᠭᠦᠶ᠋ᠯᠭᠡᠭᠡᠨ ᠤ ᠲᠤᠬᠢᠷᠠᠭᠤᠯᠤᠨ ᠬᠦᠷᠭᠡᠬᠦ᠂ | ᠪᠠᠯᠠ ᠲᠣᠬᠢᠷᠠᠭᠤᠯᠭ᠎ᠠ ᠶᠢᠨ ᠳᠡᠮᠵᠢᠯᠭᠡ᠂ ᠰᠣᠶᠣᠯ ᠤᠨ ᠪᠦᠲᠦᠭᠡᠯᠴᠢ ᠲᠥᠰᠦᠪᠯᠡᠯ᠂ ᠲᠤᠤᠷ ᠰᠦᠯᠵᠢᠶ᠎ᠡ ᠶᠢᠨ | ᠰᠤᠷᠭᠠᠭᠤᠯᠢ᠂ ᠳᠠᠳᠤᠯᠭ᠎ᠠ ᠪᠣᠯᠪᠠᠰᠤᠷᠠᠭᠤᠯᠤᠯ ᠤᠨ ᠳᠠᠭᠤᠷᠢᠶᠠᠮᠠᠯ ᠵᠡᠷᠭᠡ ᠣᠯᠠᠨ ᠴᠢᠳᠠᠮᠵᠢ᠂ ᠣᠯᠠᠨ ᠡᠵᠡᠩᠨᠡᠯᠲᠡ ᠶᠢᠨ | ᠪᠠᠢᠳᠠᠯ ᠲᠥᠯᠥᠪ ᠢ ᠨᠢᠭᠡ ᠴᠣᠭᠴᠠᠵᠢᠭᠤᠯᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢᠨ ᠭᠠᠵᠠᠷ ᠢ | ᠪᠤᠢ ᠪᠣᠯᠭᠠᠵᠤ᠂ ᠠᠵᠤ ᠠᠬᠤᠶᠢᠯᠠᠯ ᠪᠠ ᠬᠤᠪᠢ ᠬᠥᠮᠦᠨ ᠳᠤ ᠲᠥᠷᠥ ᠶᠢᠨ ᠪᠣᠳᠣᠯᠭ᠎ᠠ ᠶᠢᠨ ᠶᠢᠨ᠂ ᠲᠤᠰᠬᠠᠶ | ᠮᠡᠷᠭᠡᠵᠢᠯ ᠤᠨ ᠪᠣᠯᠪᠠᠰᠤᠷᠠᠭᠤᠯᠤᠯ᠂ ᠮᠡᠳᠡᠭᠡ ᠵᠠᠩᠭᠢ ᠶᠢᠨ ᠵᠣᠯᠭᠠᠭᠤᠯᠳᠠ᠂ ᠦᠢᠯᠡᠳᠬᠦᠨ ᠤ ᠲᠠᠨᠢᠯᠴᠠᠭᠤᠯᠭ᠎ᠠ᠂ | ᠲᠦᠷᠭᠡᠨ ᠬᠦᠷᠭᠡᠬᠦ ᠪᠠᠷᠠᠭ᠎ᠠ ᠶᠢᠨ ᠬᠦᠢᠯᠬᠡᠬᠡᠨ᠂ ᠬᠠᠤᠯᠢ ᠴᠠᠭᠠᠵᠠ ᠶᠢᠨ ᠳᠡᠮᠵᠢᠯᠭᠡ ᠪᠠ ᠠᠵᠢᠯᠯᠠᠬᠤ ᠲᠠᠯᠠᠪᠤᠷ ᠭᠠᠵᠠᠷ | ᠵᠡᠷᠭᠡ ᠦᠢᠯᠡᠴᠢᠯᠡᠭᠡᠨ ᠤ ᠲᠥᠷᠥᠯ ᠵᠦᠶ᠋ᠯ ᠢ ᠲᠥᠪᠯᠡᠷᠡᠭᠦᠯᠦᠨ ᠬᠠᠩᠭᠠᠵᠤ᠂ ᠦᠢᠯᠡᠴᠢᠯᠡᠭᠡᠨ᠂ ᠲᠡᠳᠬᠦᠨ ᠲᠤᠰᠠᠯᠠᠬᠤ | ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠪᠠ ᠬᠦᠢᠴᠡᠳ ᠪᠠᠳᠠᠷᠠᠭᠤᠯᠤᠨ᠎ᠠ᠃ | 2᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ︽ᠤᠶᠤᠨᠲᠤ ᠬᠤᠲᠠ︾ ᠶᠢᠨ ᠪᠥᠲᠥᠭᠡᠨ ᠪᠠᠶᠢᠭᠤᠯᠤᠯᠲᠠ ᠲᠠᠢ | ᠤᠶᠠᠯᠳᠤᠭᠤᠯᠤᠨ᠂ ᠰᠢᠶᠠᠨ ᠤ ᠬᠤᠲᠠ ᠶᠢᠨ ᠲᠣᠭᠤᠷᠢᠭ᠂ ᠪᠠᠯᠭᠠᠰᠤᠨ ᠤ ᠲᠥᠪ ᠲᠣᠭᠤᠷᠢᠭ ᠪᠠ ᠭᠤᠤᠯᠳᠠᠯᠭ᠎ᠠ ᠲᠠᠢ | ᠲᠣᠰᠬᠤᠨ ︵ᠨᠡᠶᠢᠭᠡᠮ ᠲᠣᠭᠤᠷᠢᠭ︶ ᠢᠶᠠᠷ ᠬᠦᠴᠦᠯᠡᠬᠦ ᠴᠡᠭ ᠪᠣᠯᠭᠠᠵᠤ᠂ ᠥᠷᠭᠡᠨ ᠪᠦᠰᠡᠲᠦ ᠰᠦᠯᠵᠢᠶ᠎ᠡ ᠶᠢ | ᠲᠦᠷᠭᠡᠳᠬᠡᠨ ᠲᠠᠰ ᠳᠡᠪᠰᠢᠭᠦᠯᠬᠦ ᠢᠨᠵᠧᠨᠧᠷᠢᠩ ᠪᠠ ᠭᠤᠤᠯᠳᠠᠯᠭ᠎ᠠ ᠲᠠᠢ ᠣᠯᠠᠨ ᠨᠡᠶᠢᠲᠡ ᠶᠢᠨ ᠣᠷᠣᠨ ᠪᠦᠰᠡ ᠶᠢᠨ | WIFI ᠶᠢ ᠪᠦᠷᠢᠨ ᠪᠥᠷᠬᠦᠭᠦᠯᠬᠦ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠠᠵᠤ ᠠᠬᠤᠶᠢᠯᠠᠯ ᠪᠠ | ᠬᠤᠪᠢ ᠬᠥᠮᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠣᠷᠣᠯᠴᠠᠬᠤ ᠳᠤ ᠲᠥᠬᠦᠮ | ᠦᠵᠡᠭᠦᠯᠦᠨ᠎ᠡ᠃ ︽ᠲᠦᠮᠡᠨ ᠲᠣᠰᠬᠤᠨ ᠮᠢᠩᠭᠠᠨ ᠰᠢᠶᠠᠩ︾ ᠪᠠ ︽ᠠᠷᠠᠳ ᠲᠤ ᠲᠥᠬᠦᠮ ᠦᠵᠡᠭᠦᠯᠬᠦ ᠬᠡᠯᠬᠢᠶ᠎ᠡ | ᠬᠡᠲᠦ ᠳᠡᠯᠭᠡᠭᠦᠷ︾ ᠤᠨ ᠵᠠᠬ᠎ᠠ ᠳᠡᠯᠭᠡᠭᠦᠷ ᠤᠨ ᠲᠤᠤᠷ ᠰᠦᠯᠵᠢᠶ᠎ᠡ ᠶᠢ ᠠᠰᠢᠭᠯᠠᠨ᠂ ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠥᠬᠦ | ᠬᠤᠰᠢᠭᠤᠨ ᠤ 70 % ᠶᠢᠨ ᠵᠠᠰᠠᠭ ᠵᠠᠬᠢᠷᠭᠠᠨ ᠤ ᠲᠣᠰᠬᠤᠨ ᠳᠤ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠲᠡᠭᠦᠨ ᠢ ᠪᠥᠬᠦ ᠬᠤᠰᠢᠭᠤᠨ ᠤ ᠰᠦᠯᠵᠢᠶᠡᠨ ᠤ | ᠪᠠᠷᠠᠭ᠎ᠠ ᠶᠢ ᠬᠥᠳᠡᠭᠡ ᠪᠠᠭᠤᠯᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ ᠦᠨᠳᠦᠰᠦᠨ | ᠱᠠᠲᠤᠨ ᠤ ︽ ᠬᠠᠷᠢᠯᠴᠠᠭᠴᠢ︾ ᠪᠠ ︽ᠠᠵᠢᠯᠯᠠᠭᠴᠢ︾ ᠪᠣᠯᠭᠠᠨ᠎ᠠ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠲᠠᠷᠢᠵᠤ | ᠲᠡᠵᠢᠭᠡᠨ ᠦᠷᠡᠵᠢᠭᠦᠯᠬᠦ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠠᠰᠢᠭᠯᠠᠨ᠂ ᠬᠠᠮᠢᠶ᠎ᠠ ᠪᠦᠬᠦᠢ ᠠᠵᠤ ᠠᠬᠤᠶᠢᠯᠠᠯ | ᠪᠠ ᠬᠤᠷᠰᠢᠶ᠎ᠠ ᠶᠢ ᠵᠣᠬᠢᠶᠠᠨ ᠪᠠᠶᠢᠭᠤᠯᠤᠨ ᠲᠠᠪᠴᠠᠩ ᠤᠨ ᠬᠠᠮᠢᠶᠠᠷᠤᠯᠲᠠ ᠳᠤ ᠣᠷᠣᠭᠤᠯᠵᠤ᠂ ᠡᠵᠡᠨ ᠬᠤᠷᠤᠭ᠎ᠠ | ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠤᠪᠢᠶᠠᠨ ᠪᠣᠷᠣᠯᠠᠭᠤᠯᠬᠤ ᠲᠠᠪᠴᠠᠩ ᠳᠤ ᠣᠷᠣᠭᠰᠠᠨ ᠪᠠᠷᠠᠭ᠎ᠠ ᠶᠢᠨ ᠢᠷᠡᠯᠲᠡ ᠶᠢ ᠣᠷᠣᠭᠤᠯᠤᠯᠲᠠ ᠶᠢᠨ | ᠡᠳ᠋᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ᠂ | ᠪᠦᠲᠦᠭᠡᠭᠳᠡᠬᠦᠨ ᠤ ᠪᠣᠭᠤᠳᠠᠯ ᠤᠨ ᠢᠯᠭᠠᠬᠤ ᠲᠡᠮᠳᠡᠭ ᠪᠠ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠬᠤ ᠪᠥᠬᠦ | ᠶᠠᠪᠤᠴᠠ ᠠᠴᠠ ᠬᠢᠨᠠᠨ ᠬᠠᠮᠢᠶᠠᠷᠴᠤ ᠮᠥᠷᠳᠡᠨ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ ᠬᠤᠪᠢᠶᠠᠨ | ᠪᠣᠷᠣᠯᠠᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠢᠷᠡᠯᠲᠡ ᠶᠢ ᠮᠥᠷᠳᠡᠵᠦ ᠪᠣᠯᠬᠤ᠂ | ᠶᠠᠰᠤ ᠴᠢᠨᠠᠷ ᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠨ᠎ᠠ᠃ ᠪᠣᠷᠣᠯᠠᠭᠤᠯᠬᠤ ᠲᠠᠪᠴᠠᠩ ᠳᠤ ᠣᠷᠣᠭᠰᠠᠨ ᠠᠵᠤ | ᠠᠬᠤᠶᠢᠯᠠᠯ ᠤᠨ ︽ᠭᠤᠷᠪᠠᠨ ᠪᠦᠲᠦᠭᠡᠭᠳᠡᠬᠦᠨ︾ ᠤ ᠭᠡᠷᠡᠴᠢᠯᠡᠯ ᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ | ᠦᠢᠯᠡᠳᠬᠦᠨ ᠤ ᠠᠯᠳᠠᠷᠰᠢᠯ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ | ᠂ ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ᠃ | 3᠂ ᠠᠵᠢᠯ ᠶᠠᠪᠤᠳᠠᠯ ᠭᠦᠶ᠋ᠴᠡᠳᠬᠡᠬᠦ ᠶᠠᠪᠤᠴᠠ ᠪᠠ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠠᠵᠤ | ᠠᠬᠤᠶᠢᠯᠠᠯ ᠪᠠ ᠬᠤᠪᠢ ᠬᠥᠮᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠠᠵᠢᠯᠯᠠᠭ᠎ᠠ | ᠥᠷᠨᠢᠭᠦᠯᠬᠦ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠳᠡᠩᠰᠡᠯᠡᠨ ᠲᠡᠮᠳᠡᠭᠯᠡᠬᠦ᠂ ᠲᠠᠸᠠᠷ ᠤᠨ ᠲᠡᠮᠳᠡᠭ | ᠳᠠᠩᠰᠠᠯᠠᠬᠤ᠂ ᠭᠠᠶᠢᠯᠢ ᠲᠠᠲᠠᠪᠤᠷᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠬᠡᠷᠡᠭ ᠬᠦᠢᠴᠡᠳᠭᠡᠬᠦ ᠶᠠᠪᠤᠴᠠ ᠪᠠ | ᠬᠦᠢᠴᠡᠳᠭᠡᠵᠦ ᠳᠠᠭᠤᠰᠬᠠᠬᠤ ᠴᠠᠭ ᠤᠨ ᠬᠢᠵᠠᠭᠠᠷ ᠢ ᠢᠯᠡ ᠪᠣᠯᠭᠠᠵᠤ᠂ ᠠᠵᠢᠯ ᠬᠡᠷᠡᠭ ᠬᠦᠢᠴᠡᠳᠭᠡᠬᠦ ᠲᠠᠰ | ᠳᠠᠷᠠᠭᠠᠯᠠᠯ ᠢ ᠤᠯᠠᠮ ᠨᠢᠭᠡ ᠠᠯᠬᠤᠮ ᠵᠦᠶ ᠵᠣᠬᠢᠰᠲᠠᠶ ᠳᠥᠭᠦᠮᠴᠢᠯᠡᠵᠦ᠂ ᠬᠤᠯᠪᠣᠭᠳᠠᠯ ᠪᠥᠬᠦᠶ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠡᠷᠡᠶᠢᠳᠦᠯ ᠳᠡᠩᠰᠡᠯᠡᠨ ᠲᠡᠮᠳᠡᠭᠯᠡᠬᠦ ᠬᠢᠵᠠᠭᠠᠷᠯᠠᠯ᠂ | ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠵᠠᠭᠠᠷᠯᠠᠯ ᠪᠠ ᠡᠵᠡᠩᠨᠡᠯᠲᠡ ᠶᠢᠨ ᠬᠦᠷᠢᠶ᠎ᠡ ᠬᠡᠪᠴᠢᠶᠡᠨ ᠤ ᠬᠢᠵᠠᠭᠠᠷᠯᠠᠯ ᠢ | ᠵᠣᠬᠢᠰᠲᠠᠶ ᠠᠭᠤᠵᠢᠭᠤ ᠪᠣᠯᠭᠠᠬᠤ ᠶᠢᠨ ᠬᠠᠮᠲᠤ᠂ ᠦᠢᠯᠡᠴᠢᠯᠡᠭᠡᠨ ︵ᠨᠡᠪᠴᠢᠭᠦᠯᠬᠦ︶ ᠳᠤ ᠲᠦᠰᠢᠭᠯᠡᠨ ᠲᠤᠰᠬᠠᠶ | ᠬᠥᠮᠦᠨ ᠢᠶᠠᠷ ᠬᠠᠷᠢᠭᠤᠴᠠᠭᠤᠯᠤᠭᠰᠠᠨ ᠲᠥᠪᠯᠡᠷᠡᠩᠭᠦᠶ ᠦᠢᠯᠡᠴᠢᠯᠡᠭᠡᠨ ᠢ ᠬᠡᠷᠡᠭᠵᠢᠭᠦᠯᠵᠦ᠂ ᠠᠵᠢᠯ ᠬᠡᠷᠡᠭ | ᠬᠦᠢᠴᠡᠳᠭᠡᠬᠦ ᠦᠢᠯᠡᠴᠢᠯᠡᠭᠡᠨ ᠤ ︽ᠰᠠᠭᠠᠳ ᠥᠬᠡᠶ ᠨᠡᠪᠲᠡᠷᠡᠬᠦ ᠵᠠᠮ︾ ᠢ ᠠᠯᠬᠤᠮ ᠠᠯᠬᠤᠮ ᠢᠶᠠᠷ ᠪᠠᠶᠢᠭᠤᠯᠤᠨ | ᠲᠡᠭᠦᠯᠳᠡᠷᠵᠢᠭᠦᠯᠦᠨ᠎ᠡ᠃ | 4᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠦᠢᠳᠡᠨ | ᠰᠡᠷᠢᠭᠦᠨ ᠢᠳᠡᠰᠢᠨ ᠨᠣᠭᠤᠭ᠎ᠠ᠂ ᠲᠥᠮᠥᠰᠥ᠂ ᠡᠯᠳᠡᠪ ᠠᠮᠤ᠂ ᠮᠠᠯ ᠠᠵᠤ ᠠᠬᠤᠶ ᠵᠡᠷᠭᠡ ᠣᠯᠠᠨ ᠠᠵᠤ | ᠠᠬᠤᠶᠢᠯᠠᠯ ᠢᠶᠠᠷ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠲᠥᠷᠥᠯ ᠤᠨ | ᠨᠡᠶᠢᠭᠡᠮᠯᠢᠭ ᠢ ᠡᠭᠦᠰᠭᠡᠨ ᠪᠠᠶᠢᠭᠤᠯᠪᠠ᠃ ᠠᠵᠢᠯ ᠲᠥᠷᠥᠯ ᠤᠨ ᠨᠡᠶᠢᠭᠡᠮᠯᠢᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ | ᠵᠣᠷᠢᠭᠵᠢᠭᠤᠯᠤᠨ ᠳᠠᠮᠵᠢᠵᠤ᠂ ᠨᠡᠶᠢᠭᠡᠮᠯᠢᠭ ᠤᠨ ᠵᠠᠰᠠᠭ ᠤᠨ ᠣᠷᠳᠣᠨ ᠨᠡᠪᠲᠡᠷᠡᠯᠴᠡᠬᠦ᠂ ᠠᠵᠤ ᠠᠬᠤᠶᠢᠯᠠᠯ ᠬᠠᠷᠢᠯᠴᠠᠬᠤ | ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠵᠢᠷᠤᠮᠵᠢᠯ ᠲᠠᠢ ᠡᠵᠡᠩᠨᠡᠬᠦ᠂ ᠤᠬᠠᠭᠤᠯᠤᠨ ᠳᠡᠯᠭᠡᠷᠡᠭᠦᠯᠬᠦ ᠵᠡᠷᠭᠡ | ᠲᠠᠯ᠎ᠠ ᠶᠢᠨ ᠦᠢᠯᠡᠳᠦᠯ ᠢ ᠪᠠᠳᠠᠷᠠᠭᠤᠯᠤᠨ᠂ ᠰᠦᠯᠵᠢᠶᠡᠨ ᠭᠠᠳᠠᠨᠠᠬᠢ ᠦᠢᠯᠡᠳᠪᠦᠷᠢᠯᠡᠯ ᠪᠠ ᠰᠦᠯᠵᠢᠶᠡᠨ ᠳᠡᠭᠡᠷᠡᠬᠢ | ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠵᠣᠯᠭᠠᠭᠤᠯᠬᠤ᠂ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠶᠢ | ᠴᠢᠩᠭᠠᠳᠬᠠᠵᠤ᠂ ᠠᠵᠢᠯ ᠲᠥᠷᠥᠯ ᠤᠨ ᠡᠵᠡᠩᠨᠡᠯᠲᠡ ᠶᠢᠨ ᠥᠪᠡᠷ ᠢ ᠪᠠᠨ ᠬᠠᠮᠢᠶᠠᠷᠬᠤ ᠪᠠ ᠦᠶ᠋ᠯᠡᠴᠢᠯᠡᠬᠦ | ᠴᠢᠳᠠᠪᠤᠷᠢ ᠶᠢ ᠭᠤᠤᠯᠴᠢᠯᠠᠨ ᠪᠤᠶᠢᠵᠢᠭᠤᠯᠵᠤ᠂ ᠴᠢᠯᠥᠭᠡᠲᠡᠶ ᠶᠠᠪᠤᠯᠴᠠᠬᠤ᠂ ᠬᠠᠮᠲᠤᠷᠠᠯᠴᠠᠬᠤ᠂ ᠬᠠᠮᠲᠤᠪᠠᠷ ᠠᠰᠢᠭ | ᠬᠦᠷᠲᠡᠬᠦ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠨ᠎ᠠ᠃ ᠲᠤᠬᠠᠶ ᠶᠢᠨ | ᠭᠠᠵᠠᠷ ᠤᠨ ᠨᠡᠯᠢᠶᠡᠳ ᠰᠠᠶᠢᠨ ᠡᠯᠧᠺᠲᠷᠣᠨ ᠬᠤᠳᠠᠯᠳᠤᠭᠠᠨ ᠤ ᠺᠣᠮᠫᠠᠨᠢ ᠶᠢ ᠠᠰᠢᠭᠯᠠᠨ᠂ ᠦᠢᠯᠡᠳᠪᠦᠷᠢᠯᠡᠯ ᠤᠨ | ᠡᠲᠡᠭᠡᠳ ︵ᠲᠠᠷᠢᠶᠠᠴᠢᠨ ᠡᠷᠦᠬᠡ᠂ ᠦᠢᠯᠡᠳᠪᠦᠷᠢᠯᠡᠯ ᠤᠨ ᠰᠠᠭᠤᠷᠢᠨ ᠭᠠᠵᠠᠷ᠂ ᠬᠤᠷᠰᠢᠶ᠎ᠠ ᠪᠤᠶᠤ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ︶ ᠤᠨ ᠦᠢᠯᠡᠳᠬᠦᠨ ︵ᠡᠯᠳᠡᠪ ᠠᠮᠤ᠂ ᠲᠥᠮᠥᠰᠥ᠂ | ᠤᠨᠴᠠᠯᠢᠭᠳᠤ ᠵᠢᠮᠢᠰ ᠢᠳᠡᠰᠢᠨ ᠨᠣᠭᠤᠭ᠎ᠠ︶ ᠢ ᠲᠤᠤ ᠪᠦᠦ᠂ ᠵᠢᠩ ᠳ᠋ᠦᠩ ᠵᠡᠷᠭᠡ ᠲᠠᠪᠴᠠᠩ ᠢᠶᠠᠷ ᠳᠠᠮᠵᠢᠭᠤᠯᠤᠨ | ᠪᠣᠷᠣᠯᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠳᠤ ᠨᠢᠭᠡᠳᠦᠯᠲᠡᠶ ᠨᠠᠷᠠᠲᠤ ᠲᠡᠮᠳᠡᠭᠲᠦ ᠳᠠᠩᠰᠠᠯᠠᠭᠤᠯᠵᠤ | ᠂ ᠨᠢᠭᠡᠳᠦᠯᠲᠡᠶ ᠪᠣᠭᠤᠳᠠᠯᠯᠠᠵᠤ᠂ ᠨᠢᠭᠡᠳᠦᠯᠲᠡᠶ ᠪᠣᠷᠣᠯᠠᠭᠤᠯᠬᠤ ᠪᠠ ᠦᠢᠯᠡᠴᠢᠯᠡᠨ᠎ᠡ᠃ ᠨᠢᠭᠡ ᠬᠤᠲᠠ ᠶᠢᠨ ᠳᠣᠲᠣᠷ᠎ᠠ | ᠪᠠᠷᠠᠭ᠎ᠠ ᠬᠤᠳᠠᠯᠳᠤᠨ ᠠᠪᠬᠤ᠂ ᠠᠮᠲᠠᠲᠤ ᠢᠳᠡᠭᠡᠨ᠂ ᠵᠤᠭ᠎ᠠ ᠴᠡᠩᠭᠡᠯ᠂ ᠵᠢᠭᠤᠯᠴᠢᠯᠠᠯ᠂ ᠭᠡᠷ ᠤᠨ ᠶᠠᠪᠤᠳᠠᠯ᠂ | ᠪᠢᠯᠧᠲ ᠤᠨ ᠶᠠᠪᠤᠳᠠᠯ᠂ ᠢᠳᠡᠰᠢᠨ ᠨᠣᠭᠤᠭ᠎ᠠ ᠵᠡᠷᠭᠡ ᠰᠢᠨ᠎ᠡ ᠪᠠᠷ ᠪᠤᠢ ᠪᠣᠯᠤᠭᠰᠠᠨ ᠠᠷᠠᠯᠵᠢᠶ᠎ᠠ ᠬᠤᠳᠠᠯᠳᠤᠭᠠᠨ ᠤ | ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠨ ᠮᠠᠨᠳᠤᠬᠤ ᠶᠢ ᠠᠬᠢᠭᠤᠯᠵᠤ᠂ ᠠᠵᠢᠯ ᠲᠥᠷᠥᠯ ᠤᠨ ᠬᠢᠵᠠᠭᠠᠷᠯᠠᠯ | ᠪᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠢ ᠳᠠᠭᠠᠭᠤᠯᠬᠤ᠂ ᠮᠸᠢ ᠲᠤᠸᠠᠨ ᠢᠶᠠᠷ ᠬᠤᠳᠠᠯᠳᠤᠨ ᠠᠪᠬᠤ᠂ | 58 ᠨᠢᠭᠡ ᠬᠤᠲᠠ ᠶᠢᠨ ᠬᠢᠨ ᠵᠡᠷᠭᠡ ᠥᠪᠡᠰᠦᠪᠡᠨ ᠪᠠᠶᠢᠭᠤᠯᠤᠭᠰᠠᠨ ᠪᠤᠶᠤ ᠭᠤᠷᠪᠠᠳᠠᠬᠢ ᠡᠲᠡᠭᠡᠳ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠶᠢᠨ ᠡᠵᠡᠩᠨᠡᠨ ᠪᠣᠷᠣᠯᠠᠭᠤᠯᠬᠤ ᠲᠠᠪᠴᠠᠩ ᠳᠤ ᠲᠦᠰᠢᠭᠯᠡᠨ᠂ 2024 | ᠣᠨ ᠠᠴᠠ ᠡᠮᠦᠨ᠎ᠡ ᠣᠷᠣᠵᠤ ᠰᠠᠭᠤᠭᠰᠠᠨ ᠠᠵᠤ ᠠᠬᠤᠶᠢᠯᠠᠯ ᠪᠤᠶᠤ ᠬᠤᠯᠪᠣᠭᠠᠨ ᠳᠤ ᠣᠷᠣᠯᠴᠠᠭᠰᠠᠨ | ᠬᠤᠳᠠᠯᠳᠤᠭᠠᠴᠢᠨ 300 ᠪᠣᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠨᠢᠭᠡ ᠬᠤᠲᠠ ᠶᠢᠨ | ᠦᠢᠯᠡᠴᠢᠯᠡᠭᠡ ᠪᠠᠷ ᠪᠦᠬᠦ ᠬᠤᠰᠢᠭᠤ ᠶᠢ ᠪᠦᠲᠦᠮᠵᠢᠲᠡᠢ ᠪᠦᠷᠬᠦᠭᠦᠯᠬᠦ ᠪᠠᠷ ᠴᠢᠷᠮᠠᠶᠢᠨ᠎ᠠ᠃ | ︵ᠬᠤᠶᠠᠷ︶ ᠬᠥᠭᠵᠢᠯᠲᠡ ᠶᠢᠨ ᠭᠤᠤᠯ ᠴᠣᠭᠴᠠ ᠶᠢ ᠪᠤᠶᠢᠵᠢᠭᠤᠯᠵᠤ᠂ ᠪᠠᠯᠠ ᠮᠥᠩᠭᠦ ᠪᠠᠷ ᠲᠡᠳᠬᠦᠨ | ᠳᠡᠮᠵᠢᠬᠦ ᠶᠢ ᠴᠢᠩᠭᠠᠷᠠᠭᠤᠯᠤᠨ᠎ᠠ᠃ | 1᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠡᠳᠬᠦᠬᠦ ᠪᠠᠯᠠ ᠮᠥᠩᠭᠦ ᠶᠢ | ᠪᠠᠶᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠤᠰᠢᠭᠤᠨ ᠤ ᠡᠳ᠋ ᠤᠨ | ᠵᠠᠰᠠᠭ ᠠᠴᠠ ᠵᠢᠯ ᠪᠦᠷᠢ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠡᠳᠬᠦᠬᠦ | ᠪᠠᠯᠠ ᠮᠥᠩᠭᠦ ᠳᠣᠭᠢᠷᠠᠭᠤᠯᠬᠤ ᠶᠢᠨ ᠬᠠᠮᠲᠤ ᠤᠶᠤᠲᠠᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ ᠶᠢ | ᠲᠡᠳᠬᠦᠬᠦ ᠲᠥᠷᠥ ᠶᠢᠨ ᠪᠣᠳᠣᠯᠭ᠎ᠠ ᠶᠣᠰᠣᠭᠠᠷ᠂ ᠠᠵᠤ ᠠᠬᠤᠶᠢᠯᠠᠯ᠂ ᠬᠤᠪᠢ ᠬᠥᠮᠦᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠵᠢᠴᠢ ᠬᠠᠮᠢᠶ᠎ᠠ ᠪᠥᠬᠦᠶ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠬᠢᠬᠦ ᠶᠢ | ᠳᠡᠮᠵᠢᠨ᠎ᠡ᠃ | 2᠂ ᠪᠡᠯᠡ ᠮᠥᠩᠭᠦ ᠪᠠᠷ ᠲᠡᠳᠬᠦᠬᠦ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ ︽ᠪᠠᠭ᠎ᠠ ᠶᠢ ᠨᠢ | ᠲᠤᠰᠠᠯᠠᠵᠤ ᠶᠡᠭᠡ ᠶᠢ ᠨᠢ ᠲᠡᠳᠬᠦᠬᠦ᠂ ᠡᠷᠬᠡ ᠲᠡᠭᠰᠢ ᠪᠠᠷ ᠨᠡᠶᠢᠳᠡᠮ ᠠᠰᠢᠭ ᠬᠦᠷᠲᠡᠭᠡᠬᠦ︾ ᠵᠠᠷᠴᠢᠮ ᠶᠣᠰᠣᠭᠠᠷ᠂ | ᠠᠵᠤ ᠠᠬᠤᠶᠢᠯᠠᠯ ︵ᠦᠢᠯᠡᠳᠪᠦᠷᠢᠯᠡᠯ ᠤᠨ ᠴᠢᠨᠠᠷᠲᠠᠶ ᠠᠵᠤ ᠠᠬᠤᠶᠢᠯᠠᠯ ᠪᠠᠭᠲᠠᠨ᠎ᠠ︶ ᠪᠠ ᠬᠤᠪᠢ ᠬᠥᠮᠦᠨ ᠤ | ᠡᠷᠭᠢᠯᠡᠭᠰᠡᠨ ᠰᠦᠯᠵᠢᠶᠡᠨ ᠳᠡᠯᠭᠡᠭᠦᠷ ᠲᠤ᠂ ᠲᠡᠭᠦᠨ ᠤ ᠪᠣᠷᠣᠯᠠᠭᠤᠯᠭ᠎ᠠ ᠶᠢᠨ ᠬᠡᠪᠴᠢᠶ᠎ᠡ᠂ ᠭᠠᠶᠢᠯᠢ ᠲᠤᠰᠢᠶᠠᠭᠰᠠᠨ | ᠬᠤᠪᠢ ᠨᠡᠮᠡᠷᠢ ᠪᠠ ᠪᠤᠶᠢᠵᠢᠯᠲᠠ ᠶᠢᠨ ᠴᠢᠨᠠᠷ ᠵᠡᠷᠭᠡ ᠬᠦᠴᠦᠨ ᠵᠦᠶ᠋ᠯ ᠢ ᠨᠢ ᠦᠨᠳᠦᠰᠦᠯᠡᠨ᠂ ᠲᠣᠰ ᠲᠣᠰ | ᠦᠢᠯᠡᠳᠬᠦᠨ ᠢ ᠨᠡᠭᠡᠭᠡᠨ ᠬᠥᠭᠵᠢᠭᠦᠯᠬᠦ ︵ᠦᠢᠯᠡᠳᠬᠦᠨ ᠢ ᠡᠮᠬᠢᠯᠡᠵᠦ ᠪᠣᠭᠤᠳᠠᠯᠯᠠᠬᠤ ᠪᠠᠭᠲᠠᠨ᠎ᠠ︶᠂ ᠨᠠᠷᠠᠲᠤ ᠲᠥᠷᠥᠯ | ᠲᠡᠮᠳᠡᠭᠲᠦ ᠶᠢ ᠪᠤᠶᠢᠵᠢᠭᠤᠯᠬᠤ᠂ ᠲᠠᠯᠠᠪᠤᠷ ᠭᠠᠵᠠᠷ ᠢ ᠲᠦᠷᠢᠶᠡᠰᠦᠯᠡᠬᠦ᠂ ᠪᠠᠷᠠᠭᠠᠨ ᠤ ᠬᠦᠢᠯᠭᠡᠭᠡᠨ ᠤ ᠲᠦᠷᠭᠡᠨ | ᠢᠯᠡᠭᠡᠯᠲᠡ ᠵᠡᠷᠭᠡ ᠲᠠᠯ᠎ᠠ ᠪᠠᠷ ᠱᠠᠩᠨᠠᠬᠤ ᠪᠤᠶᠤ ᠨᠥᠬᠦᠪᠥᠷᠢ ᠥᠭᠬᠦ ᠶᠢᠨ ᠬᠠᠮᠲᠤ᠂ ᠬᠠᠮᠢᠶ᠎ᠠ ᠪᠥᠬᠦᠶ ᠲᠥᠬᠦᠷᠵᠢᠭᠦᠯᠬᠦ | ᠠᠷᠭ᠎ᠠ ᠶᠢ ᠲᠦᠷᠭᠡᠳᠬᠡᠨ ᠲᠣᠭᠲᠠᠭᠠᠬᠤ ᠪᠠ ᠲᠡᠭᠦᠯᠳᠡᠷᠵᠢᠭᠦᠯᠵᠦ᠂ ᠪᠠᠯᠠ ᠮᠥᠩᠭᠦ ᠪᠠᠷ ᠲᠡᠳᠬᠦᠨ ᠲᠤᠰᠠᠯᠠᠬᠤ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | 3᠂ ᠮᠥᠩᠭᠦᠨ ᠬᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ | ᠠᠵᠢᠯ ᠣᠯᠬᠤ ᠪᠠᠷ ᠪᠠᠶᠢᠭ᠎ᠠ ᠤᠶᠤᠲᠠᠳ᠂ ᠬᠥᠳᠡᠭᠡ ᠲᠣᠰᠬᠤᠨ ᠤ ᠵᠠᠯᠠᠭᠤᠴᠤᠳ ᠵᠡᠷᠭᠡ ᠨᠡᠶᠢᠲᠡ ᠴᠣᠭᠴᠠ ᠶᠢᠨ | ᠰᠦᠯᠵᠢᠶᠡᠨ ᠳᠡᠭᠡᠷ᠎ᠡ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠵᠣᠷᠢᠭᠵᠢᠭᠤᠯᠤᠨ ᠳᠡᠮᠵᠢᠬᠦ ᠶᠢᠨ ᠬᠠᠮᠲᠤ᠂ | ᠤᠯᠤᠰ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠳᠠᠮ ᠬᠦᠦ ᠲᠠᠢ ᠵᠢᠭᠡᠯᠡᠯᠭᠡ ᠶᠢᠨ ᠲᠡᠳᠬᠦᠨ ᠳᠡᠮᠵᠢᠬᠦ | ᠬᠡᠪᠴᠢᠶᠡᠨ ᠳᠤ ᠡᠩ ᠲᠡᠷᠢᠭᠦᠨ ᠳᠤ ᠣᠷᠣᠭᠤᠯᠤᠨ᠎ᠠ᠃ ᠬᠤᠰᠢᠭᠤᠨ ᠤ ᠬᠡᠪᠴᠢᠶᠡᠨ ᠳᠠᠬᠢ ᠡᠯ᠎ᠡ ᠮᠥᠩᠭᠦᠨ | ᠬᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠦᠷᠢᠶᠡᠨ ᠳᠠᠬᠢ ᠠᠵᠤ ᠠᠬᠤᠶᠢᠯᠠᠯ ᠪᠠ ᠬᠤᠪᠢ ᠬᠥᠮᠦᠨ ᠳᠤ ᠢᠲᠡᠭᠡᠮᠵᠢ ᠶᠢᠨ ᠬᠠᠮᠠᠭᠠᠯᠠᠯᠲᠠ ᠶᠢᠨ ᠪᠣᠯᠪᠠᠰᠤᠷᠠᠯ ᠢ | ᠲᠥᠪᠯᠡᠷᠡᠭᠦᠯᠦᠨ ᠥᠷᠨᠢᠭᠦᠯᠵᠦ᠂ ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠵᠤ᠂ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠪᠠ ᠦᠢᠯᠡᠴᠢᠯᠡᠭᠡᠨ ᠤ ᠵᠠᠮ ᠢ ᠰᠢᠯᠤᠭᠤᠳᠬᠠᠨ᠎ᠠ᠃ | 4᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠷᠥᠯ ᠵᠦᠢᠯ ᠢ ᠲᠡᠳᠬᠦᠬᠦ ᠪᠠᠨ ᠨᠡᠮᠡᠭᠳᠡᠭᠦᠯᠦᠨ᠎ᠡ᠃ | ᠬᠦᠢᠳᠡᠨ ᠰᠡᠷᠢᠭᠦᠨ ᠢᠳᠡᠰᠢᠨ ᠨᠣᠭᠤᠭ᠎ᠠ᠂ ᠲᠥᠮᠥᠰᠥ᠂ ᠡᠯᠳᠡᠪ ᠠᠮᠤ᠂ ᠬᠤᠨᠢ ᠲᠡᠵᠢᠭᠡᠬᠦ᠂ ᠭᠠᠭ᠋ᠠᠶ᠂ ᠢᠳᠡᠰᠢᠨ | ᠲᠠᠬᠢᠶ᠎ᠠ ᠵᠡᠷᠭᠡ ᠠᠵᠤ ᠦᠢᠯᠡᠰ ᠲᠤ ᠨᠢᠭᠡ ᠪᠦᠯᠦᠭ ᠠᠷᠠᠯᠵᠢᠶᠠᠯᠠᠬᠤ᠂ ᠪᠠᠷᠠᠭᠠᠨ ᠤ ᠬᠦᠢᠯᠭᠡᠭᠡ᠂ ᠲᠣᠭᠠᠴᠠᠭ᠎ᠠ ᠬᠢᠬᠦ | ᠵᠡᠷᠭᠡ ᠶᠢ ᠨᠢᠭᠡ ᠴᠣᠭᠴᠠᠵᠢᠭᠤᠯᠤᠭᠰᠠᠨ ᠠᠵᠢᠯ ᠲᠥᠷᠥᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠠᠪᠴᠠᠩ ᠢ ᠭᠤᠤᠯᠳᠠᠯᠭ᠎ᠠ ᠲᠠᠢ ᠪᠤᠶᠢᠵᠢᠭᠤᠯᠤᠨ᠎ᠠ︔ ᠨᠥᠬᠦᠴᠡᠯ ᠲᠠᠢ ᠦᠢᠯᠡᠳᠪᠦᠷᠢᠯᠡᠯ ᠡᠵᠡᠩᠨᠡᠯᠲᠡ ᠶᠢᠨ ᠠᠵᠤ | ᠠᠬᠤᠶᠢᠯᠠᠯ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠬᠦᠯᠬᠦ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠶᠡᠭᠡ ᠬᠡᠮᠵᠢᠶᠡᠨ ᠤ ᠲᠠᠸᠠᠷ ᠤᠨ ᠰᠦᠯᠵᠢᠶᠡᠨ ᠳᠡᠭᠡᠷ᠎ᠡ ᠪᠡᠯᠡᠨ ᠪᠠᠷᠠᠭᠠᠨ ᠤ ᠠᠷᠠᠯᠵᠢᠶ᠎ᠠ ᠬᠢᠯᠭᠡᠬᠦ ᠬᠡᠷᠡᠭᠲᠡᠶ︔ | ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠬᠦ᠂ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠭᠰᠠᠨ ᠪᠣᠳᠠᠲᠤ | ᠴᠣᠭᠴᠠᠲᠤ ᠳᠡᠯᠭᠡᠭᠦᠷ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠲᠤᠤᠷ ᠰᠦᠯᠵᠢᠶ᠎ᠡ + ᠪᠣᠳᠠᠲᠤ ᠴᠣᠭᠴᠠ + ᠨᠡᠶᠢᠭᠡᠮᠯᠢᠭ + | ᠰᠢᠶᠠᠩ ᠪᠠᠯᠭᠠᠰᠤ ᠶᠢᠨ ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ + ᠡᠯᠧᠺᠲᠷᠣᠨ | ᠬᠤᠳᠠᠯᠳᠤᠭᠠᠨ ᠤ ᠭᠡᠰᠢᠭᠦᠨ + ᠬᠥᠲᠥᠴᠢ ᠠᠵᠤ ᠠᠬᠤᠶᠢᠯᠠᠯ + ᠲᠤᠰᠬᠠᠶ ᠬᠤᠷᠰᠢᠶ᠎ᠠ + ᠠᠳᠠᠯ ᠦᠢᠯᠡᠰ | ᠴᠣᠭᠴᠠᠯᠠᠬᠤ ᠲᠠᠷᠢᠶᠠᠴᠢᠨ︾ ᠤ ᠵᠠᠭᠪᠤᠷ ᠶᠣᠰᠣᠭᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠦᠨ᠎ᠡ︔ | ︽ ᠭᠦᠸᠧ ᠴᠢ ᠴᠢ᠂ ᠢ ᠮᠢ ᠡᠯ︾ ᠵᠡᠷᠭᠡ ᠨᠡᠷᠡᠲᠦ ᠲᠡᠮᠳᠡᠭᠲᠦ ᠶᠢᠨ ᠵᠢᠩ ᠳ᠋ᠦᠩ᠂ ᠲᠤᠤ ᠪᠦᠦ ᠰᠦᠯᠵᠢᠶ᠎ᠡ ᠳᠤ | ᠨᠡᠭᠡᠭᠡᠭᠰᠡᠨ ᠲᠠᠷᠢᠶᠠᠯᠠᠩ ᠤᠨ ᠣᠨᠴᠠᠭᠠᠢ ᠪᠦᠲᠦᠭᠡᠭᠳᠡᠬᠦᠨ ᠤ ᠬᠤᠰᠢᠭᠤᠴᠢ ᠵᠢᠴᠢ ᠲᠤᠰᠬᠠᠢ ᠡᠵᠡᠩᠨᠡᠯᠲᠡ ᠶᠢᠨ | ᠳᠡᠯᠭᠡᠭᠦᠷ ᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠲᠠᠷᠢᠶᠠᠯᠠᠩ ᠤᠨ ᠣᠨᠴᠠᠭᠠᠢ ᠪᠦᠲᠦᠭᠡᠭᠳᠡᠬᠦᠨ ᠢ | ᠲᠠᠰᠤᠷᠠᠯᠲᠠ ᠦᠭᠡᠢ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠬᠡᠷᠡᠭᠲᠡᠢ︔ ᠲᠠᠷᠢᠶᠠᠯᠠᠩ ᠤᠨ ᠪᠦᠲᠦᠭᠡᠭᠳᠡᠬᠦᠨ | ᠠᠷᠠᠯᠵᠢᠶᠠᠯᠠᠬᠤ ᠵᠠᠬ᠎ᠠ ᠳᠡᠯᠭᠡᠭᠦᠷ ᠢ ᠪᠠᠶᠢᠭᠤᠯᠵᠤ᠂ ᠨᠡᠶᠢᠭᠡᠮᠯᠢᠭ ᠪᠣᠯᠤᠨ ᠭᠡᠰᠢᠭᠦᠳ ᠲᠤ ᠨᠢᠭᠡᠳᠦᠯᠲᠡᠶ ᠬᠥᠮᠥᠷᠭᠡᠯᠡᠨ | ᠬᠠᠳᠠᠭᠠᠯᠠᠬᠤ ᠪᠠ ᠪᠠᠷᠠᠭ᠎ᠠ ᠣᠷᠣᠯᠠᠨ ᠶᠠᠪᠤᠭᠤᠯᠬᠤ ᠦᠢᠯᠡᠴᠢᠯᠡᠭᠡᠨ ᠬᠠᠩᠭᠠᠵᠤ᠂ ᠬᠤᠪᠢᠶᠠᠨ ᠪᠣᠷᠣᠯᠠᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠬᠦ ᠬᠡᠷᠡᠭᠲᠡᠶ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠶᠢ ᠪᠦᠬᠦ ᠬᠤᠰᠢᠭᠤᠨ ᠤ ᠲᠥᠷᠥᠯ ᠵᠦᠢᠯ ᠤᠨ | ᠲᠥᠯᠥᠪᠯᠡᠭᠡ ᠳᠤ ᠣᠷᠣᠭᠤᠯᠵᠤ᠂ ᠲᠥᠯᠥᠪᠵᠢᠭᠦᠯᠦᠨ ᠪᠠᠶᠢᠷᠢᠯᠠᠭᠤᠯᠬᠤ ᠠᠵᠢᠯ ᠢ ᠰᠠᠶᠢᠲᠤᠷ ᠬᠢᠵᠦ᠂ ᠲᠥᠪ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦᠨ ᠤ | ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ | ︵ᠭᠤᠷᠪᠠ︶ ᠬᠥᠭᠵᠢᠯᠲᠡ ᠶᠢᠨ ᠣᠳᠣᠬᠢ ᠪᠠᠶᠢᠳᠠᠯ ᠳᠤ ᠰᠠᠭᠤᠷᠢᠯᠠᠨ᠂ ᠲᠡᠳᠬᠦᠬᠦ ᠭᠤᠣᠯᠳᠠᠯᠭ᠎ᠠ ᠪᠠᠨ | ᠲᠣᠪᠤᠶᠢᠯᠭᠠᠨ᠎ᠠ | 1᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢ ᠨᠡᠭᠡᠭᠡᠨ ᠬᠥᠭᠵᠢᠭᠦᠯᠬᠦ ᠲᠥᠷᠥᠯ ᠵᠦᠢᠯ ᠢ | ᠢᠳᠡᠪᠬᠢᠲᠡᠶ ᠪᠠᠷ ᠣᠷᠣᠭᠤᠯᠤᠨ ᠠᠪᠴᠢᠷᠠᠨ᠎ᠠ᠃ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠠᠵᠤ | ᠠᠬᠤᠶᠢᠯᠠᠯ ᠭᠤᠣᠯᠯᠠᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠵᠠᠷᠴᠢᠮ ᠤᠨ | ᠶᠣᠰᠣᠭᠠᠷ᠂ ᠠᠵᠤ ᠠᠬᠤᠶᠢᠯᠠᠯ ᠪᠣᠯᠤᠨ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠰᠠᠨᠠᠭᠠᠴᠢᠯᠠᠨ᠂ ᠣᠷᠣᠭᠤᠯᠵᠤ | ᠢᠷᠡᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠪᠠᠶᠢᠳᠠᠯ ᠤᠨ ᠲᠣᠭᠤᠷᠢᠨ ᠳᠤ᠂ ᠠᠯᠪᠠᠨ | ᠠᠰᠠᠷ᠂ ᠪᠣᠯᠪᠠᠰᠤᠷᠠᠭᠤᠯᠬᠤ ᠦᠢᠯᠡᠳᠪᠦᠷᠢ ᠶᠢᠨ ᠭᠡᠷ᠂ ᠬᠥᠯᠳᠡᠭᠡᠵᠦ ᠬᠡᠯᠬᠢᠶᠡᠵᠢᠭᠦᠯᠦᠭᠰᠡᠨ ᠪᠠᠷᠠᠭᠠᠨ ᠤ ᠭᠦᠢᠯᠭᠡᠭᠡᠨ | ᠵᠡᠷᠭᠡ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠨ᠎ᠠ᠃ ᠲᠥᠷᠥᠯ ᠵᠦᠶ᠋ᠯ ᠤᠨ ᠪᠠᠯᠠ | ᠣᠷᠣᠭᠤᠯᠤᠭᠴᠢ ᠶᠢᠨ ᠪᠠᠯᠠ ᠣᠷᠣᠭᠤᠯᠬᠤ ᠠᠭᠤᠯᠭ᠎ᠠ ᠪᠠ ᠬᠡᠪᠴᠢᠶ᠎ᠡ ᠶᠢ ᠦᠨᠳᠦᠰᠦᠯᠡᠨ᠂ ︽ᠨᠢᠭᠡ ᠤᠴᠢᠷ ᠢ ᠨᠢᠭᠡ | ᠵᠥᠪᠯᠡᠬᠦ︾ ᠠᠷᠭ᠎ᠠ ᠪᠠᠷ ᠳᠠᠮᠵᠢᠭᠤᠯᠤᠨ᠂ ᠡᠵᠡᠨ ᠬᠤᠷᠤᠭ᠎ᠠ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | 2᠂ ︽ᠡᠯᠧᠺᠲᠷᠣᠨ ᠬᠤᠳᠠᠯᠳᠤᠭᠠᠨ ᠤ ᠲᠣᠰᠬᠤᠨ︾ ᠢ ᠲᠦᠷᠭᠡᠳᠬᠡᠨ ᠪᠤᠶᠢᠵᠢᠭᠤᠯᠤᠨ ᠬᠥᠭᠵᠢᠭᠦᠯᠦᠨ᠎ᠡ᠃ | ᠰᠦᠯᠵᠢᠶᠡᠨ ᠳᠡᠯᠭᠡᠭᠦᠷ ᠤᠨ ᠲᠥᠪᠯᠡᠷᠡᠨ ᠬᠥᠭᠵᠢᠬᠦ ᠶᠢ ᠳᠡᠮᠵᠢᠵᠦ᠂ ᠠᠵᠤ ᠠᠬᠤᠶᠢᠯᠠᠯ᠂ ᠬᠤᠪᠢ ᠬᠥᠮᠦᠨ ᠪᠤᠶᠤ | ᠰᠢᠶᠠᠩ ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ | ᠵᠡᠷᠭᠡ ᠨᠢ ᠨᠢᠭᠡ ᠲᠣᠰᠬᠤᠨ ᠪᠤᠶᠤ ᠨᠢᠭᠡ ᠨᠡᠶᠢᠭᠡᠮ ᠲᠣᠭᠤᠷᠢᠭ ᠤᠨ ᠳᠣᠲᠣᠷ᠎ᠠ 10 ᠠᠴᠠ ᠳᠡᠭᠡᠭᠰᠢ ᠰᠦᠯᠵᠢᠶᠡᠨ | ᠳᠡᠯᠭᠡᠭᠦᠷ ᠢ ᠵᠣᠬᠢᠶᠠᠨ ᠪᠠᠶᠢᠭᠤᠯᠵᠤ᠂ ᠪᠤᠶᠢᠵᠢᠭᠤᠯᠵᠤ᠂ ᠲᠥᠪᠯᠡᠷᠡᠭᠦᠯᠦᠭᠰᠡᠨ ᠮᠥᠷᠲᠡᠭᠡᠨ ᠣᠨ ᠤ ᠰᠦᠯᠵᠢᠶᠡᠨ | ᠳᠡᠭᠡᠷ᠎ᠡ ᠪᠣᠷᠣᠯᠠᠭᠤᠯᠬᠤ ᠬᠡᠪᠴᠢᠶ᠎ᠡ ᠨᠢ 200 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠰᠦᠯᠵᠢᠶᠡᠨ | ᠳᠡᠯᠭᠡᠭᠦᠷ ᠤᠨ ᠡᠵᠡᠩᠨᠡᠭᠴᠢᠳ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠠᠴᠠ ᠭᠠᠳᠠᠨ᠎ᠠ᠂ | ᠨᠢᠭᠡ ᠯᠡ ᠤᠳᠠᠭ᠎ᠠ ᠶᠢᠨ ᠴᠢᠨᠠᠷᠲᠠᠶ ᠪᠠᠷ ᠵᠣᠬᠢᠶᠠᠨ ᠪᠠᠶᠢᠭᠤᠯᠤᠨ ᠪᠤᠶᠢᠵᠢᠭᠤᠯᠤᠭᠴᠢ ᠶᠢ 3 ᠲᠦᠮᠡᠨ ᠲᠥᠭᠦᠷᠢᠭ ᠢᠶᠠᠷ | ᠱᠠᠩᠨᠠᠨ᠎ᠠ︔ ᠲᠥᠪᠯᠡᠷᠡᠭᠰᠡᠨ ᠰᠦᠯᠵᠢᠶᠡᠨ ᠳᠡᠯᠭᠡᠭᠦᠷ ᠤᠨ ᠲᠤᠭ᠎ᠠ ᠬᠡᠮᠵᠢᠶ᠎ᠡ ᠨᠢ 20 ᠶᠢ ᠳᠠᠪᠠᠭᠰᠠᠨ ᠮᠥᠷᠲᠡᠭᠡᠨ | ᠪᠣᠷᠣᠯᠠᠭᠤᠯᠤᠭᠰᠠᠨ ᠬᠡᠪᠴᠢᠶ᠎ᠡ ᠨᠢ 500 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠵᠣᠬᠢᠶᠠᠨ ᠪᠠᠶᠢᠭᠤᠯᠵᠤ | ᠪᠤᠶᠢᠵᠢᠭᠤᠯᠤᠭᠴᠢ ᠶᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃ | 3᠂ ᠰᠠᠭᠤᠷᠢ ᠪᠣᠯᠪᠠᠰᠤᠷᠠᠭᠤᠯᠤᠯ ᠢ ᠴᠢᠬᠤᠯᠠᠴᠢᠯᠠᠨ ᠰᠠᠶᠢᠲᠤᠷ ᠬᠢᠬᠦ ᠬᠡᠷᠡᠭᠲᠡᠶ᠃ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ᠬᠤᠰᠢᠭᠤᠨ ᠤ ᠳᠣᠲᠣᠷᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ | ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ | ᠠᠩᠭᠢ ᠶᠢ ᠡᠷᠭᠢᠯᠡᠨ᠂ ᠭᠤᠤᠯᠳᠠᠭᠤ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠬᠤ ᠵᠠᠯᠠᠭᠤᠴᠤᠳ᠂ ᠬᠤᠲᠠ | ᠪᠠᠯᠭᠠᠰᠤᠨ ᠤ ᠠᠵᠢᠯ ᠤᠯᠬᠤ ᠭᠡᠵᠦ ᠪᠠᠶᠢᠭ᠎ᠠ ᠵᠠᠯᠠᠭᠤᠴᠤᠳ᠂ ᠵᠠᠯᠠᠭᠤ ᠰᠤᠷᠤᠭᠴᠢᠳ ᠪᠠ ᠦᠢᠯᠡᠳᠪᠦᠷᠢᠯᠡᠯ᠂ | ᠬᠦᠢᠯᠭᠡᠭᠡᠨ ᠤ ᠬᠦᠷᠢᠶᠡᠨ ᠳᠠᠬᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠠᠨᠳᠤᠭᠤᠯᠤᠨ᠂ ᠲᠤᠰᠬᠠᠶ | ᠮᠡᠷᠭᠡᠵᠢᠯ ᠤᠨ ᠪᠣᠯᠪᠠᠰᠤᠷᠠᠯ ᠬᠠᠩᠭᠠᠵᠤ᠂ ᠰᠦᠯᠵᠢᠶ᠎ᠡ ᠪᠠᠷ ᠡᠵᠡᠩᠨᠡᠬᠦ ᠴᠢᠳᠠᠪᠤᠷᠢᠲᠠᠨ ᠢ ᠬᠥᠮᠦᠵᠢᠭᠦᠯᠦᠨ᠎ᠡ᠃ | ︵ᠳᠥᠷᠪᠡ︶ ᠬᠢᠵᠠᠭᠠᠷᠯᠠᠬᠤ ᠪᠣᠭᠤᠮᠢ ᠳᠤ ᠴᠢᠭᠯᠡᠭᠦᠯᠦᠨ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ | ᠵᠣᠷᠢᠭᠵᠢᠭᠤᠯᠤᠨ᠎ᠠ᠃ | 1᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠪᠠᠷ ᠢᠶᠠᠨ ᠬᠤᠯᠪᠣᠭᠠᠯᠠᠬᠤ ᠶᠢ ᠵᠣᠷᠢᠭᠵᠢᠭᠤᠯᠵᠤ᠂ ᠵᠣᠬᠢᠶᠠᠨ | ᠪᠠᠶᠢᠭᠤᠯᠤᠯᠲᠠ ᠶᠢᠨ ᠵᠠᠭᠪᠤᠷ ᠲᠤ ᠰᠢᠨ᠎ᠡ ᠶᠢ ᠡᠭᠦᠳᠦᠨ ᠬᠥᠭᠵᠢᠭᠦᠯᠦᠨ᠎ᠡ᠃ ᠵᠢᠵᠢᠭ ᠠᠵᠤ ᠠᠬᠤᠶᠢᠯᠠᠯ᠂ ᠬᠤᠪᠢ | ᠬᠥᠮᠦᠨ ᠤ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠦᠨ ᠪᠠᠭᠤᠷᠠᠶ᠂ ᠬᠡᠪᠴᠢᠶ᠎ᠡ ᠪᠠᠭ᠎ᠠ᠂ | ᠵᠢᠷᠤᠮᠵᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠬᠦᠴᠢᠷᠲᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠠᠳᠠᠯᠢ | ᠠᠵᠢᠯ ᠲᠥᠷᠥᠯ᠂ ᠠᠳᠠᠯᠢ ᠬᠦᠷᠢᠶ᠎ᠡ ᠴᠠᠷᠠᠭ᠎ᠠ ᠶᠢᠨ ᠠᠵᠤ ᠠᠬᠤᠶᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ | ︽ᠨᠢᠭᠡᠳᠦᠯᠲᠡᠶ ᠵᠢᠷᠤᠮᠵᠢᠭᠤᠯᠬᠤ᠂ ᠪᠡᠶ᠎ᠡ ᠪᠠᠨ ᠳᠠᠭᠠᠭᠠᠨ ᠡᠵᠡᠩᠨᠡᠬᠦ᠂ ᠲᠥᠪᠯᠡᠷᠡᠭᠦᠯᠦᠨ ᠬᠥᠭᠵᠢᠭᠦᠯᠬᠦ᠂ ᠬᠠᠮᠲᠤᠪᠠᠷ | ᠭᠥᠷᠳᠡᠬᠦ ᠳᠠᠪᠠᠭᠤᠯᠢᠭ︾ ᠵᠠᠷᠴᠢᠮ ᠶᠣᠰᠣᠭᠠᠷ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ ᠭᠠᠵᠠᠷ | ᠰᠢᠷᠣᠶ ᠶᠢ ᠠᠰᠢᠭᠯᠠᠬᠤ᠂ ᠪᠠᠯᠠ ᠮᠥᠩᠭᠦ ᠪᠠᠷ ᠲᠡᠳᠬᠦᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠵᠡᠷᠭᠡ | ᠲᠠᠯ᠎ᠠ ᠪᠠᠷ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠯᠤᠭ᠎ᠠ ᠠᠳᠠᠯᠢ ᠣᠯᠭᠤᠮᠵᠢ ᠬᠦᠷᠲᠡᠭᠡᠵᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠦᠢᠯᠡᠳᠪᠦᠷᠢᠯᠡᠯ ᠤᠨ ᠰᠠᠭᠤᠷᠢ ᠶᠢ ᠳᠡᠯᠪᠢᠨ ᠥᠭᠴᠦ | ᠂ ᠦᠢᠯᠡᠳᠬᠦᠨ ᠤ ᠲᠥᠷᠥᠯ ᠵᠦᠢᠯ ᠢ ᠪᠠᠶᠠᠯᠢᠭᠵᠢᠭᠤᠯᠤᠨ᠎ᠠ᠃ | 2᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠵᠤ ᠠᠬᠤᠶᠢᠯᠠᠯ᠂ ᠬᠤᠪᠢ ᠪᠠᠷ ᠢᠶᠠᠨ | ᠬᠤᠯᠪᠣᠭᠠᠯᠠᠬᠤ ᠶᠢ ᠵᠣᠷᠢᠭᠵᠢᠭᠤᠯᠵᠤ᠂ ᠬᠥᠭᠵᠢᠯᠲᠡ ᠶᠢᠨ ᠥᠪᠡᠰᠦᠪᠡᠨ ᠦᠢᠯᠡᠴᠢᠯᠡᠬᠦ ᠰᠠᠭᠤᠷᠢ ᠮᠥᠩᠭᠦ ᠶᠢ | ᠰᠦᠪᠡᠭᠴᠢᠯᠡᠨ ᠪᠠᠶᠢᠭᠤᠯᠤᠨ᠎ᠠ᠃ ᠠᠵᠤ ᠠᠬᠤᠶᠢᠯᠠᠯ᠂ ᠬᠤᠪᠢ ᠬᠥᠮᠦᠨ ᠤ ᠲᠤᠰ ᠪᠡᠶ᠎ᠡ ᠶᠢᠨ ᠬᠡᠪᠴᠢᠶ᠎ᠡ ᠨᠢ ᠪᠠᠭ᠎ᠠ᠂ | ᠵᠢᠭᠡᠯᠡᠯᠭᠡ ᠵᠢᠭᠡᠯᠡᠬᠦ ᠳᠤ ᠬᠦᠴᠢᠷᠲᠡᠶ ᠪᠠᠶᠢᠭ᠎ᠠ ᠪᠣᠳᠠᠲᠤ ᠠᠰᠠᠭᠤᠳᠠᠯ ᠳᠤ ᠴᠢᠭᠯᠡᠭᠦᠯᠦᠨ᠂ ︽ᠵᠠᠰᠠᠭ ᠤᠨ ᠣᠷᠳᠣᠨ | ᠬᠥᠲᠥᠯᠥᠨ ᠵᠢᠯᠣᠭᠤᠳᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ | ᠡᠵᠡᠩᠨᠡᠯᠲᠡ ᠳᠤ ᠬᠢᠵᠠᠭᠠᠷᠯᠠᠯ ᠭᠠᠷᠭᠠᠬᠤ︾ ᠵᠠᠷᠴᠢᠮ ᠤᠨ ᠶᠣᠰᠣᠭᠠᠷ᠂ ᠵᠣᠬᠢᠬᠤ ᠭᠠᠵᠠᠷ ᠣᠷᠣᠨ ᠪᠤᠶᠤ ᠠᠵᠢᠯ | ᠲᠥᠷᠥᠯ ᠤᠨ ᠬᠡᠪᠴᠢᠶᠡᠨ ᠳᠤ ᠨᠡᠶᠢᠭᠡᠮ ᠤᠨ ᠬᠥᠷᠥᠩᠭᠡ ᠶᠢ ᠳᠠᠶᠢᠴᠢᠯᠠᠨ ᠣᠷᠣᠯᠴᠠᠭᠤᠯᠬᠤ ᠶᠢ ᠲᠤᠷᠰᠢᠵᠤ᠂ | ᠥᠪᠡᠷ ᠲᠡᠭᠡᠨ ᠦᠢᠯᠡᠴᠢᠯᠡᠬᠦ ᠰᠠᠭᠤᠷᠢ ᠮᠥᠩᠭᠦ ᠶᠢ ᠪᠠᠶᠢᠭᠤᠯᠤᠨ ᠬᠥᠭᠵᠢᠭᠦᠯᠵᠦ᠂ ᠠᠵᠤ ᠠᠬᠤᠶᠢᠯᠠᠯ᠂ ᠬᠤᠪᠢ | ᠬᠥᠮᠦᠨ ᠤ ᠦᠢᠯᠡᠳᠪᠦᠷᠢᠯᠡᠯ ᠡᠵᠡᠩᠨᠡᠯᠲᠡ ᠳᠤ ᠲᠥᠯᠥᠪᠦᠷᠢ ᠲᠠᠢ ᠪᠠᠷ ᠪᠠᠭ᠎ᠠ ᠲᠣᠭᠠᠨ ᠤ ᠪᠡᠯᠡ ᠮᠥᠩᠭᠦ ᠶᠢᠨ | ᠲᠤᠰᠠᠯᠠᠮᠵᠢ ᠬᠠᠩᠭᠠᠬᠤ ᠬᠡᠷᠡᠭᠲᠡᠶ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 1᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠪᠥᠬᠦ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠬᠤᠰᠢᠭᠤᠨ ᠤ ᠭᠤᠤᠯ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠪᠣᠯᠵᠣ᠂ | ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠪᠣᠯᠵᠣ᠂ ᠬᠠᠮᠢᠶ᠎ᠠ ᠪᠥᠬᠦᠶ ᠰᠠᠯᠠᠭ᠎ᠠ | ᠮᠥᠴᠢᠷ ᠭᠡᠰᠢᠭᠦᠨ ᠪᠣᠯᠵᠣ᠂ ᠠᠵᠢᠯ ᠢ ᠬᠠᠷᠢᠭᠤᠴᠠᠨ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠᠶᠢᠭᠤᠯᠵᠤ᠂ ᠠᠵᠢᠯᠲᠠᠨ ᠢ | ᠨᠠᠶᠢᠳᠠᠪᠤᠷᠢᠵᠢᠭᠤᠯᠤᠨ᠂ ᠡᠭᠦᠷᠭᠡ ᠴᠢᠳᠠᠪᠤᠷᠢ ᠶᠢ ᠨᠢ ᠲᠣᠳᠣᠷᠬᠠᠶᠢᠯᠠᠨ᠎ᠠ᠃ ᠡᠯ᠎ᠡ ᠰᠢᠶᠠᠩ ᠪᠠᠯᠭᠠᠰᠤ ︵ᠨᠡᠶᠢᠭᠡᠮ | ᠲᠣᠭᠤᠷᠢᠭ︶ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠵᠣᠬᠢᠬᠤ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠤᠰ ᠭᠠᠵᠠᠷ ᠣᠷᠣᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠵᠦ ᠪᠣᠯᠤᠨ᠎ᠠ᠃ | 2᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠬᠥᠲᠥᠯᠥᠨ ᠵᠢᠯᠣᠭᠤᠳᠤᠨ᠎ᠠ᠃ ᠡᠯᠧᠺᠲᠷᠣᠨ | ᠬᠤᠳᠠᠯᠳᠤᠭ᠎ᠠ ᠪᠠᠷ ᠭᠤᠤᠯ ᠴᠣᠭᠴᠠ ᠪᠣᠯᠭᠠᠭᠰᠠᠨ ᠠᠵᠢᠯ ᠲᠥᠷᠥᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ᠂ | ᠨᠡᠶᠢᠭᠡᠮᠯᠢᠭ ᠤᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ ᠪᠡᠶ᠎ᠡ ᠳᠡᠭᠡᠨ | ᠦᠢᠯᠡᠴᠢᠯᠡᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠳᠠᠪᠠᠭᠤᠯᠢᠭ ᠪᠠ ᠴᠢᠳᠠᠮᠵᠢ ᠶᠢ ᠪᠠᠳᠠᠷᠠᠭᠤᠯᠵᠤ᠂ ᠲᠣᠰ | ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠬᠡᠪ ᠤᠨ ᠡᠮᠬᠢ ᠳᠢᠭᠯᠢᠮ ᠢ | ᠬᠠᠮᠠᠭᠠᠯᠠᠵᠤ᠂ ᠠᠵᠢᠯ ᠲᠥᠷᠥᠯ ᠬᠢᠭᠡᠳ ᠵᠠᠰᠠᠭ ᠤᠨ ᠣᠷᠳᠣᠨ᠂ ᠡᠯᠧᠺᠲᠷᠣᠨ ᠬᠤᠳᠠᠯᠳᠤᠭ᠎ᠠ ᠬᠢᠭᠡᠳ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠤᠭᠤᠷᠣᠨᠳᠣᠬᠢ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠵᠤ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠠ | ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠦᠨ᠎ᠡ᠃ | 3᠂ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ᠂ ᠠᠷᠠᠯᠵᠢᠶᠠᠨ ᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ | ᠰᠦᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ᠂ ᠣᠨᠴᠣᠭᠤᠶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠡᠵᠡᠩᠨᠡᠯᠲᠡ ᠶᠢᠨ ᠪᠠᠶᠢᠳᠠᠯ ᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠵᠡᠷᠭᠡ ᠠᠰᠠᠭᠤᠳᠠᠯ ᠤᠨ | ᠲᠣᠭᠤᠷᠢᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠪᠠ ᠬᠠᠮᠢᠶᠠᠷᠤᠯᠲᠠ ᠶᠢᠨ ᠬᠤᠯᠪᠣᠭᠳᠠᠯ | ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠷᠤᠮᠵᠢᠯ ᠲᠠᠢ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ ᠤᠯᠠᠨ ᠰᠠᠯᠠᠭ᠎ᠠ | ᠮᠥᠴᠢᠷ ᠬᠠᠮᠲᠤᠷᠠᠨ ᠬᠥᠳᠡᠯᠦᠯᠴᠡᠵᠦ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠤ | ᠠᠵᠤ ᠠᠬᠤᠢ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ ᠰᠦᠯᠵᠢᠶᠡᠨ ᠳᠡᠭᠡᠷ᠎ᠡ | ᠡᠵᠡᠩᠨᠡᠬᠦ ᠭᠤᠤᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠠᠬᠢᠭᠤᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠬᠠᠮᠢᠶᠠᠷᠤᠯᠲᠠ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ | ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | 4᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠲᠧᠯᠸᠢᠰ᠂ ᠰᠣᠨᠢᠨ᠂ ᠰᠦᠯᠵᠢᠶ᠎ᠡ | ᠵᠡᠷᠭᠡ ᠣᠯᠠᠨ ᠵᠦᠢᠯ ᠤᠨ ᠪᠦᠲᠦᠮᠵᠢᠲᠡᠶ ᠬᠡᠯᠪᠡᠷᠢ ᠶᠢ ᠠᠪᠴᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠤᠬᠠᠶᠢᠯᠠᠭᠰᠠᠨ ᠠᠵᠢᠯ ᠤᠨ ᠮᠡᠳᠡᠯᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ | ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠂ ᠪᠥᠬᠦ ᠠᠷᠠᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠭᠵᠢᠭᠦᠯᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠷᠠᠳ ᠣᠯᠠᠨ ᠤ ᠠᠳᠠᠯ ᠦᠢᠯᠡᠰ ᠴᠣᠭᠴᠠᠯᠠᠬᠤ ᠦᠵᠡᠯ | ᠤᠬᠠᠮᠰᠠᠷ ᠪᠠ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠡᠷᠡᠭᠯᠡᠭᠡᠨ ᠳᠤ ᠠᠮᠵᠢᠯᠲᠠ ᠣᠯᠤᠭᠰᠠᠨ ᠠᠵᠤ ᠠᠬᠤᠶᠢᠯᠠᠯ ᠪᠣᠯᠤᠨ ᠬᠤᠪᠢ ᠬᠥᠮᠦᠨ ᠤ ᠨᠡᠶᠢᠲᠡᠯᠢᠭ ᠵᠢᠱᠢᠶ᠎ᠡ ᠶᠢ | ᠤᠬᠠᠭᠤᠯᠵᠤ᠂ ᠵᠢᠱᠢᠶ᠎ᠡ ᠦᠵᠡᠭᠦᠯᠬᠦ ᠨᠥᠯᠥᠭᠡᠯᠡᠯ ᠢ ᠲᠠᠰᠤᠷᠠᠯᠲᠠ ᠤᠢᠭᠡᠢ ᠥᠷᠭᠡᠳᠬᠡᠨ᠂ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠨ᠎ᠠ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 5 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | | | | | |